ᠯᠢᠨᠰᠢ ᠰᠢᠶᠠᠨ ᠠᠵᠤ ᠦᠢᠯᠡᠰ ᠤᠨ ᠬᠦᠷᠢᠶᠡᠯᠡᠩ ᠢ ᠬᠦᠭᠵᠢᠭᠦᠯᠦᠨ ᠳᠠᠷᠢᠶᠠᠴᠢᠳ ᠤᠨ ᠤᠷᠤᠯᠭ᠎ᠠ ᠶᠢ  ᠨᠡᠮᠡᠭᠳᠡᠭᠦᠯᠵᠦ ᠪᠤᠢ
ᠨᠡᠶᠢᠲᠡᠯᠡᠭᠰᠡᠨ ᠴᠠᠭ᠄
2018-06-06
     ᠤᠢᠢᠷ᠎ᠠ ᠶᠢᠨ ᠡᠳᠦᠷ᠂ ᠯᠢᠨᠰᠢ ᠰᠢᠶᠠᠨ ᠤ ᠭᠤᠸᠠᠨ ᠳ᠋ᠢ ᠪᠠᠯᠭᠠᠰᠤ ᠶᠢᠨ ᠰᠢᠶᠠ ᠭᠤᠸᠠᠨ ᠳ᠋ᠢ ᠲᠤᠰᠬᠤᠨ ᠤ  ᠲᠠᠪᠤᠳᠤᠭᠠᠷ ᠳᠤᠭᠤᠢᠢᠯᠠᠩ ᠤᠨ ᠲᠠᠷᠢᠶᠠᠴᠢᠨ ᠬᠠᠨ ᠭᠦᠢ ᠫᠢᠩ ᠤᠨ ᠨᠢᠭᠤᠷ ᠲᠤ ᠪᠠᠶᠠᠷ ᠤᠨ ᠮᠥᠰᠢᠶᠡᠳᠦ ᠪᠢᠯᠬᠠᠨ᠎ᠠ᠃  ᠡᠨᠡ ᠵᠢᠯ ᠤᠨ 4 ᠰᠠᠷ᠎ᠠ ᠶᠢᠨ ᠡᠬᠢ ᠪᠠᠷ ᠤᠯᠠᠭᠠᠨᠬᠠᠳᠠ ᠬᠤᠲᠠ ᠶᠢᠨ ᠲᠢᠶᠠᠨ ᠶᠤᠸᠠᠨ ᠲᠠᠷᠢᠮᠠᠯ ᠤᠨ ᠲᠤᠰᠬᠠᠢ  ᠬᠤᠷᠰᠢᠶ᠎ᠠ ᠪᠠᠷ ᠳᠠᠮᠵᠢᠨ ᠵᠠᠬ᠎ᠠ ᠳᠡᠯᠭᠡᠭᠦᠷ ᠲᠤ ᠭᠠᠷᠭᠠᠭᠰᠡᠨ ᠳᠡᠭᠦᠨ ᠤ ᠳᠠᠷᠢᠭᠰᠠᠨ ᠲᠥᠪᠡᠳ ᠬᠠᠰᠢ ᠨᠢ ᠠᠯᠤᠰ  ᠬᠤᠯᠠ ᠤᠷᠤᠰ ᠲᠤ ᠪᠤᠷᠤᠯᠠᠭᠤᠯᠤᠭᠳᠠᠵᠦ᠂ ᠴᠡᠪᠡᠷ ᠤᠷᠤᠯᠭ᠎ᠠ ᠨᠢ ᠲᠦᠮᠡ ᠭᠠᠷᠤᠢ ᠲᠦᠭᠦᠷᠢᠭ ᠲᠤ ᠬᠦᠷᠴᠠᠢ᠃  ᠤᠤᠯ ᠨᠢ ᠯᠢᠨᠰᠢ ᠰᠢᠶᠠᠨ ᠠᠵᠦ ᠤᠢᠢᠯᠡᠰ ᠤᠨ ᠬᠦᠷᠢᠶᠡᠯᠡᠩ ᠢᠶᠠᠷ ᠶᠠᠳᠠᠭᠤ ᠶᠢ ᠳᠡᠳᠬᠦᠬᠦ ᠠᠷᠭ᠎ᠠ ᠠᠪᠴᠠᠯ ᠢ  ᠬᠡᠷᠡᠭᠯᠡᠵᠦ᠂ ᠬᠠᠨ ᠭᠦᠢ ᠫᠢᠩ ᠵᠡᠷᠭᠡ ᠶᠠᠳᠠᠭᠤ ᠬᠦᠴᠢᠷᠳᠡᠢ ᠡᠷᠦᠬᠡ ᠶᠢᠨ ᠤᠷᠤᠯᠭ᠎ᠠ ᠶᠢ ᠨᠡᠮᠡᠭᠳᠡᠭᠦᠯᠦᠭᠰᠡᠨ ᠪᠠᠶᠢᠵᠠᠢ᠃  ᠨᠢᠳᠤᠨᠤᠨ ᠵᠢᠯ ᠤᠨ 6 ᠰᠠᠷ᠎ᠠ ᠳᠤ᠂ ᠬᠠᠨ ᠭᠦᠢ ᠫᠢᠩ ᠤᠨ ᠬᠢᠨ ᠶᠠᠳᠠᠭᠤ ᠬᠦᠴᠢᠷᠳᠡᠢ ᠡᠷᠦᠭᠡ ᠶᠢᠨ ᠲᠤᠭᠠᠨ ᠳᠤ  ᠪᠠᠶᠢᠬᠰᠡᠨ ᠢᠶᠠᠷ ᠪᠠᠷᠠᠬᠤ ᠦᠭᠡᠢ᠂ ᠨᠥᠬᠦᠷ ᠭᠠᠢ ᠸᠧᠨ ᠪᠢᠨ ᠨᠢ ᠬᠦᠨᠳᠦ ᠡᠪᠡᠳᠴᠢᠯᠡᠭᠰᠡᠨ ᠠᠴᠠ ᠪᠤᠯᠵᠤ  ᠬᠦᠳᠡᠯᠮᠦᠷᠢ ᠶᠢᠨ ᠴᠢᠳᠠᠪᠦᠷᠢ ᠪᠠᠨ ᠠᠯᠳᠠᠵᠦ᠂ ᠪᠦᠬᠦ ᠵᠢᠯ ᠤᠨ ᠤᠷᠤᠯᠭ᠎ᠠ ᠨᠢ 2 ᠮᠢᠩᠭᠠᠨ ᠲᠦᠭᠦᠷᠢᠭ ᠬᠦᠷᠬᠦ ᠦᠭᠡᠢ  ᠪᠠᠶᠢᠵᠠᠢ᠃          ᠯᠢᠨᠰᠢ ᠰᠢᠶᠠᠨ 2016 ᠤᠨ ᠠᠴᠠ ᠡᠬᠢᠯᠡᠨ ᠲᠤᠰᠬᠤᠨ ᠤ ᠦᠯᠡᠭᠦᠦ ᠬᠦᠳᠡᠯᠮᠥᠷᠢ ᠬᠦᠴᠦᠨ ᠳᠤ ᠠᠵᠢᠯ  ᠤᠯᠭᠤᠵᠦ᠂ ᠲᠤᠭᠲᠠᠭᠤᠨ ᠤᠷᠤᠯᠭ᠎ᠠ ᠶᠢ ᠪᠠᠲᠤᠯᠠᠨ᠂ ᠪᠦᠬᠦ ᠰᠢᠶᠠᠨ ᠤ ᠤᠯᠠᠨ ᠲᠠᠯ᠎ᠠ ᠶᠢᠨ ᠪᠡᠯᠡ ᠮᠥᠩᠬᠦ ᠶᠢ  ᠨᠡᠶᠢᠳᠬᠡᠨ ᠬᠥᠳᠡᠯᠭᠡᠵᠦ᠂ 43 ᠳ᠋ᠥᠩᠰᠢᠭᠤᠷ ᠲᠦᠭᠦᠷᠢᠭ ᠤᠨ ᠪᠡᠯᠡ ᠤᠷᠤᠭᠤᠯᠤᠨ ᠶᠠᠳᠠᠭᠤ ᠶᠢ ᠳᠡᠳᠬᠦᠬᠦ 12  ᠠᠵᠦ ᠤᠢᠢᠯᠡᠰ ᠤᠨ ᠬᠦᠷᠢᠶᠡᠯᠡᠩ ᠲᠤᠭᠤᠷᠢᠭ ᠢ ᠪᠠᠶᠢᠭᠤᠯᠵᠦ ︽ᠬᠦᠷᠢᠶᠡᠯᠡᠩ ᠲᠤᠭᠤᠷᠢᠭ + ᠠᠵᠦ ᠠᠬᠤᠢᠢᠯᠠᠯ +  ᠲᠠᠷᠢᠶᠠᠴᠢᠨ ᠡᠷᠦᠭᠡ ︵ᠶᠠᠳᠠᠭᠤ ᠬᠦᠴᠢᠷᠳᠡᠢ ᠡᠷᠦᠭᠡ︶︾ ᠶᠢᠨ ᠵᠠᠭᠪᠤᠷ ᠢ ᠬᠡᠷᠡᠭᠵᠢᠭᠦᠯᠵᠦ᠂ ᠦᠨᠳᠦᠷ ᠪᠠᠷᠢᠮᠵᠢᠶᠡᠲᠦ᠂  ᠲᠦᠷᠢᠮᠵᠢᠭᠰᠡᠨ᠂ ᠳᠠᠭᠠᠭᠤᠯᠤᠭᠴᠢ ᠬᠦᠴᠦᠨ ᠪᠦᠬᠦᠢ ᠶᠠᠳᠠᠭᠤ ᠶᠢ ᠳᠡᠳᠬᠦᠬᠦ 5 ᠠᠵᠦ ᠤᠢᠢᠯᠡᠰ ᠤᠨ ᠬᠦᠷᠢᠶᠡᠯᠡᠩ ᠢ  ᠭᠤᠤᠯᠳᠠᠯᠭ᠎ᠠ ᠲᠠᠢ ᠪᠠᠶᠢᠭᠤᠯᠤᠨ᠂ ᠶᠠᠳᠠᠭᠤ ᠬᠦᠴᠢᠷᠳᠡᠢ ᠡᠷᠦᠬᠡ ᠶᠢ ᠳᠡᠳᠭᠦᠨ ᠪᠠᠶᠠᠵᠢᠭᠤᠯᠬᠤ ᠭᠤᠤᠯ ᠠᠵᠦ  ᠤᠢᠢᠯᠡᠰ ᠪᠤᠯᠭᠠᠵᠦ᠂ ᠬᠦᠮᠦᠨ ᠤ ᠨᠤᠲᠤᠭ᠂ ᠬᠦᠨᠳᠡᠯᠡᠨ ᠤ ᠭᠠᠵᠠᠷ ᠲᠤ ᠬᠦᠴᠦ ᠶᠠᠪᠤᠵᠦ ᠪᠠᠶᠢᠬᠰᠡᠨ ᠺᠠᠷᠲ  ᠪᠠᠶᠢᠭᠤᠯᠵᠤ ᠳᠠᠩᠰᠠᠯᠠᠭᠤᠯᠤᠭᠰᠠᠨ 2035 ᠡᠷᠦᠭᠡ ᠶᠢᠨ 4679 ᠬᠦᠮᠦᠨ ᠳᠤ ᠨᠤᠲᠤᠭ ᠲᠤᠨᠢ ᠠᠵᠢᠯ ᠤᠯᠭᠤᠵᠦ᠂  ᠪᠠᠶᠠᠵᠢᠯ ᠤᠨ ᠵᠠᠮ ᠳᠤ ᠬᠦᠲᠦᠯᠵᠠᠢ᠃            ᠠᠵᠦ ᠤᠢᠢᠯᠡᠰ ᠢᠶᠠᠷ ᠶᠠᠳᠠᠭᠤ ᠶᠢ ᠳᠡᠳᠬᠦᠬᠦ ᠲᠦᠯᠦᠪᠯᠡᠭᠡ ᠶᠢᠨ ᠡᠬᠢᠨ ᠳᠤ ᠬᠦᠳᠡᠯᠮᠥᠷᠢᠯᠡᠬᠦ ᠴᠢᠳᠠᠪᠥᠷᠢ ᠲᠠᠢ  ᠮᠦᠷᠲᠡᠭᠡᠨ ᠪᠠᠶᠠᠵᠢᠬᠤ ᠬᠦᠰᠡᠯ ᠲᠠᠢ ᠺᠠᠷᠲ ᠪᠠᠶᠢᠭᠤᠯᠵᠤ ᠳᠠᠩᠰᠠᠯᠠᠭᠤᠯᠤᠭᠰᠠᠨ ᠶᠠᠳᠠᠭᠤ ᠬᠦᠴᠢᠷᠳᠡᠢ ᠡᠷᠦᠬᠡ ᠶᠢ  ᠤᠷᠢᠳᠠᠪᠠᠷ ᠳᠠᠶᠢᠴᠢᠯᠠᠬᠤ ᠪᠠᠷ ᠵᠠᠷᠴᠢᠮ ᠪᠤᠯᠭᠠᠵᠠᠢ᠃ ᠨᠢᠳᠤᠨᠤᠨ ᠵᠢᠯ ᠤᠨ 11 ᠰᠠᠷ᠎ᠠ ᠳᠤ ᠬᠠᠨ ᠭᠦᠢ ᠫᠢᠩ ᠭᠤᠸᠠᠨ  ᠳ᠋ᠢ ᠪᠠᠯᠭᠠᠰᠤ ᠶᠢᠨ ᠶᠠᠳᠠᠭᠤ ᠶᠢ ᠳᠡᠳᠬᠦᠬᠦ ᠠᠵᠦ ᠤᠢᠢᠯᠡᠰ ᠤᠨ ᠬᠦᠷᠢᠶᠡᠯᠡᠩ ᠤᠨ ᠨᠢᠭᠡᠨ ᠭᠡᠰᠢᠭᠦᠨ ᠪᠤᠯᠵᠠᠢ᠃  ᠲᠤᠭᠲᠠᠭᠠᠯ ᠶᠤᠰᠤᠭᠠᠷ᠂ ᠬᠠᠨ ᠭᠦᠢ ᠫᠢᠩ ᠳᠤ 60 ᠳᠡᠭᠰᠢ ᠳᠦᠷᠪᠡᠯᠵᠢᠨ  ᠮᠧᠲᠷ ᠤᠨ ᠰᠠᠭᠤᠬᠤ ᠭᠡᠷ᠂ 80   ᠮᠧᠲᠷ ᠤᠨ ᠤᠷᠳᠦ ᠳᠤᠮᠤ ᠬᠦᠯᠡᠮᠵᠢ ᠪᠠᠷᠢᠵᠦ ᠦᠭᠭᠦᠭᠰᠡᠨ ᠪᠠᠶᠢᠨ᠎ᠠ᠃ ︽ᠰᠢᠨ᠎ᠠ ᠭᠡᠷ ᠲᠠᠢ ᠪᠤᠯᠵᠦ᠂ ᠳᠤᠮᠤ  ᠬᠦᠯᠡᠮᠵᠢ ᠳᠡᠭᠡᠨ ᠨᠤᠭᠤᠭ᠎ᠠ ᠲᠠᠷᠢᠴᠢᠬᠠᠨ᠎ᠠ᠃ ᠶᠤᠰᠤᠲᠠᠢ ᠲᠤᠮᠤ ᠪᠠᠶᠠᠷ ᠪᠤᠯᠵᠠᠢ︾ ᠭᠡᠵᠦ ᠰᠠᠶ᠋ᠢᠬᠠᠨ ᠶᠠᠳᠠᠭᠤ  ᠮᠠᠯᠠᠭᠠᠢ ᠪᠠᠨ ᠠᠪᠴᠤ ᠬᠠᠶᠠᠭᠰᠡᠨ ᠬᠠᠨ ᠭᠦᠢ ᠫᠢᠩ ᠲᠦᠪᠡᠳ ᠬᠠᠰᠢ ᠪᠠᠨ ᠠᠷᠠᠴᠢᠯᠠᠬᠤ ᠶᠢᠨ ᠵᠡᠷᠭᠡᠪᠡᠷ  ᠰᠤᠷᠪᠤᠯᠵᠢᠯᠠᠭᠴᠢ ᠳᠤ ᠶᠠᠷᠢᠨ᠎ᠠ᠃          ᠳᠤᠮᠤ ᠬᠦᠯᠡᠮᠵᠢ ᠳᠡᠭᠡᠨ ᠨᠢᠭᠡ ᠵᠢᠯ ᠳᠤ ᠬᠤᠶᠠᠷ ᠤᠳᠠᠭ᠎ᠠ ᠲᠦᠪᠡᠳ ᠬᠠᠰᠢ ᠲᠠᠷᠢᠵᠦ ᠪᠤᠯᠬᠤ ᠪᠤᠯᠬᠤᠷ ᠵᠢᠯ ᠤᠨ  ᠴᠡᠪᠡᠷ ᠤᠷᠤᠯᠭ᠎ᠠ 3 ᠲᠦᠮᠡ ᠭᠠᠷᠤᠢ ᠲᠦᠭᠦᠷᠢᠭ ᠲᠤ ᠬᠦᠷᠦᠭᠰᠡᠨ ᠨᠢ ᠲᠡᠳᠡᠨ ᠤ ᠶᠠᠳᠠᠭᠤ ᠠᠴᠠ ᠠᠩᠬᠢᠵᠢᠷᠠᠬᠤ ᠳᠤ  ᠲᠤᠩ ᠶᠡᠭᠡ ᠲᠤᠰᠠᠯᠠᠮᠵᠢ ᠦᠵᠡᠭᠦᠯᠦᠯ ᠎ᠠ ᠭᠡᠵᠦ ᠬᠠᠨ ᠭᠦᠢ ᠫᠢᠩ ᠮᠠᠨ ᠳᠤ ᠨᠠᠷᠢᠨ ᠳᠠᠩᠰᠠ ᠪᠤᠳᠤᠵᠦ ᠦᠭᠬᠦᠯ᠎ᠡ᠃  ︽ᠡᠨᠡ ᠬᠡᠳᠦᠨ ᠡᠳᠦᠷ ᠶᠠᠭ ᠲᠦᠪᠡᠳ ᠬᠠᠰᠢ ᠪᠠᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠨ᠎ᠠ᠃ ᠡᠨᠡ ᠵᠢᠯ ᠤᠨ  ᠦᠨ᠎ᠡ ᠬᠠᠩᠰᠢ ᠶᠢᠨ ᠪᠠᠶᠢᠳᠠᠯ ᠠᠴᠠ ᠦᠵᠡᠪᠡᠯ ᠨᠡᠯᠢᠶᠡᠳ ᠤᠷᠤᠯᠭ᠎ᠠ ᠲᠠᠢ ᠪᠤᠯᠴᠢᠬᠠᠨ᠎ᠠ︾ ᠭᠡᠵᠦ ᠢᠷᠡᠭᠡᠳᠦᠢ ᠳᠡᠭᠡᠨ  ᠢᠲᠡᠬᠡᠯ ᠳᠦᠭᠦᠷᠡᠩ ᠪᠠᠶᠢᠪᠠ᠃          ᠬᠠᠨ ᠭᠦᠢ ᠫᠢᠩ ᠲᠠᠢ ᠠᠳᠠᠯᠢᠬᠠᠨ ᠶᠠᠳᠠᠭᠤ ᠬᠦᠴᠢᠷᠳᠡᠢ ᠪᠠᠶᠢᠭᠰᠠᠨ ᠵᠦᠩ ᠭᠦᠸᠧ ᠴᠧᠩ ᠨᠠᠰᠤᠲᠠᠨ ᠴᠤ  ᠲᠤᠩ ᠪᠠᠶᠠᠷᠲᠠᠢ ᠪᠠᠶᠢᠯ᠎ᠠ᠃ ᠲᠦᠩ ᠪᠦ᠋ ᠪᠠᠯᠭᠠᠰᠤ ᠶᠢᠨ ᠰᠠᠢ ᠱᠠᠨ ᠶᠠᠳᠠᠭᠤ ᠶᠢ ᠳᠡᠳᠬᠦᠬᠦ ᠠᠵᠦ ᠤᠢᠢᠯᠡᠰ ᠤᠨ  ᠬᠦᠷᠢᠶᠡᠯᠡᠩ ᠤᠨ ᠭᠤᠸᠠᠩ ᠶᠤᠸᠠᠨ ᠮᠠᠯ ᠠᠵᠦ ᠠᠬᠤᠢ ᠶᠢᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ  ᠬᠡᠰᠢᠭᠦᠨ ᠵᠦᠩ ᠭᠦᠸᠧ ᠴᠧᠩ ᠨᠠᠰᠤᠲᠠᠨ ᠦᠭᠡᠷ ᠤᠨ ᠬᠠᠰᠢᠶ᠎ᠠ ᠪᠠᠨ ᠴᠡᠪᠡᠷᠯᠡᠵᠦ ᠶᠠᠭᠠᠷᠠᠨ᠎ᠠ᠃ ᠨᠢᠳᠤᠨᠤᠨ ᠵᠢᠯ  ᠲᠡᠷᠡ 4 ᠲᠦᠮᠡᠨ ᠲᠦᠭᠦᠷᠢᠭ ᠤᠨ ᠴᠡᠪᠡᠷ ᠤᠷᠤᠯᠭ᠎ᠠ ᠤᠯᠵᠦ ᠶᠠᠳᠠᠭᠤ ᠮᠠᠯᠠᠭᠠᠢ ᠪᠠᠨ ᠠᠪᠴᠤ ᠬᠠᠶᠠᠭᠰᠡᠨ ᠪᠠᠶᠢᠨ᠎ᠠ᠃  ᠵᠦᠩ ᠭᠦᠸᠧ ᠴᠧᠩ ᠨᠠᠰᠤᠲᠠᠨ ᠶᠠᠭᠠᠬᠢᠭᠠᠳ ᠡᠶᠢᠮᠤ ᠶᠡᠭᠡ ᠤᠷᠤᠯᠭ᠎ᠠ ᠲᠠᠢ ᠪᠤᠯᠤᠭᠰᠡᠨ ᠲᠤᠬᠠᠢ ᠬᠤᠷᠰᠢᠶ᠎ᠠ ᠶᠢᠨ  ᠬᠠᠷᠢᠭᠤᠴᠠᠯᠭᠠᠲᠠᠨ ᠭᠤᠤ ᠮᠢᠩ ᠠᠴᠠ ᠦᠭᠡᠷ ᠲᠡᠵᠢᠭᠡᠬᠦ ᠤᠷᠤᠯᠭ᠎ᠠ ᠪᠠ ᠬᠦᠷᠢᠶᠡᠯᠡᠩ ᠲᠤᠭᠤᠷᠢᠭ ᠲᠤ ᠬᠦᠳᠡᠯᠮᠦᠷᠢᠯᠡᠬᠦ  ᠤᠷᠤᠯᠭ᠎ᠠ ᠠᠴᠠ ᠭᠠᠳᠠᠨ᠎ᠠ ᠬᠤᠷᠰᠢᠶ᠎ᠠ ᠠᠴᠠ ᠲᠦᠩ ᠪᠦ᠋ ᠲᠤᠰᠬᠤᠨ᠂ ᠱᠦᠢ ᠴᠢᠤᠸᠠᠨ ᠲᠤᠰᠬᠤᠨ᠂ ᠪᠢᠯᠡᠭᠦᠳᠡᠢ  ᠲᠤᠰᠬᠤᠨ ᠤ ︽ᠭᠤᠷᠪᠠ ᠶᠢ ᠬᠦᠷᠬᠡᠬᠦ︾ ᠪᠡᠯᠡ ᠮᠦᠩᠭᠦ ᠨᠡᠶᠢᠲᠡ 238 ᠲᠥᠮᠡᠨ ᠲᠦᠭᠦᠷᠢᠭ ᠲᠠᠲᠠᠵᠦ᠂  ᠶᠠᠳᠠᠭᠤ ᠶᠢ ᠳᠡᠳᠬᠦᠬᠦ ᠪᠡᠯᠡ ᠮᠦᠩᠬᠦ᠂ ᠬᠦᠷᠦᠩᠭᠡ ᠶᠢᠨ ᠴᠢᠨᠠᠷᠲᠠᠢ ᠤᠷᠤᠯᠭ᠎ᠠ ᠠᠴᠠ 10% ᠤᠨ ᠠᠰᠢᠭ  ᠬᠤᠪᠢᠶᠠᠬᠤ ᠬᠡᠯᠪᠡᠷᠢ ᠪᠠᠷ ᠭᠤᠷᠪᠠᠨ ᠲᠤᠰᠬᠤᠨ ᠳᠤ ᠲᠦᠮᠡᠨ ᠲᠦᠭᠦᠷᠢᠭ ᠪᠤᠴᠠᠭᠠᠵᠦ᠂ ᠶᠠᠳᠠᠭᠤ ᠬᠦᠴᠢᠷᠳᠡᠢ  ᠡᠷᠦᠭᠡ ᠳᠤ ᠳᠤᠮᠳᠠᠴᠢ ᠪᠠᠷ ᠡᠷᠦᠭᠡ ᠪᠤᠯᠭᠠᠨ ᠳᠤ 700 ᠲᠦᠭᠦᠷᠢᠭ ᠠᠴᠠ ᠳᠡᠭᠡᠭᠰᠢ ᠠᠰᠢᠭ ᠬᠦᠷᠲᠡᠭᠡᠬᠦ ᠠᠴᠠ  ᠭᠠᠳᠠᠨ᠎ᠠ ᠪᠠᠰᠠ ᠬᠤᠷᠰᠢᠶ᠎ᠠ ᠳᠠᠭᠠᠨ ᠬᠦᠳᠡᠯᠮᠦᠷᠢᠯᠡᠬᠦ ᠴᠢᠳᠠᠪᠥᠷᠢ ᠲᠠᠢ ᠶᠠᠳᠠᠭᠤ ᠬᠦᠴᠢᠷᠳᠡᠢ ᠡᠷᠦᠬᠡ ᠶᠢ ᠤᠷᠢᠳᠴᠢᠯᠡᠨ  ᠬᠡᠷᠡᠭᠯᠡᠵᠦ ᠤᠷᠤᠯᠭ᠎ᠠ ᠤᠯᠭᠤᠳᠠᠭ ᠭᠡᠵᠦ ᠳᠠᠨᠢᠯᠴᠠᠭᠤᠯᠵᠠᠢ᠃          ᠤᠳᠤᠬᠠᠨ ᠪᠤᠯᠲᠠᠯ᠎ᠠ᠂ ᠲᠦᠩ ᠪᠦ᠋ ᠪᠠᠯᠭᠠᠰᠤ ᠶᠢᠨ ᠠᠵᠦ ᠤᠢᠢᠯᠡᠰ ᠤᠨ ᠬᠦᠷᠢᠶᠡᠯᠡᠩ ᠲᠤᠭᠤᠷᠢᠭ ᠤᠨ ᠡᠨᠡᠬᠦ  ᠳᠠᠪᠠᠭᠤᠯᠢᠭ ᠲᠠᠭᠠᠨ ᠲᠦᠰᠢᠭᠯᠡᠨ ᠭᠤᠸᠠᠩ ᠶᠤᠸᠠᠨ ᠮᠠᠯ ᠠᠵᠦ ᠠᠬᠤᠢ ᠶᠢᠨ ᠲᠡᠵᠢᠭᠡᠨ ᠦᠷᠡᠵᠢᠭᠦᠯᠬᠦ ᠲᠤᠰᠬᠠᠢ  ᠬᠤᠷᠰᠢᠶ᠎ᠠ 12000 ᠠᠯᠠᠰᠢᠨ ᠦᠭᠡᠷ ᠬᠤᠳᠠᠯᠳᠤᠵᠦ᠂ 20 ᠭᠠᠷᠤᠢ ᠶᠠᠳᠠᠭᠤ ᠡᠷᠦᠬᠡ ᠶᠢ ᠯᠠᠪᠳᠠᠭᠤᠨ ᠢᠶᠠᠷ  ᠶᠠᠳᠠᠭᠤ ᠠᠴᠠ ᠠᠩᠭᠢᠵᠢᠷᠠᠭᠤᠯᠵᠠᠢ᠃          ᠯᠢᠨᠰᠢ ᠰᠢᠶᠠᠨ ᠨᠢ ᠠᠵᠦ ᠤᠢᠢᠯᠡᠰ ᠤᠨ ᠬᠦᠷᠢᠶᠡᠯᠡᠩ ᠢᠶᠠᠷ ᠶᠠᠳᠠᠭᠤ ᠶᠢ ᠳᠡᠳᠬᠦᠬᠦ ᠶᠢ ᠪᠦᠬᠦ ᠰᠢᠶᠠᠨ ᠤ ᠠᠵᠦ  ᠤᠢᠢᠯᠡᠰ ᠢᠶᠠᠷ ᠶᠠᠳᠠᠭᠤ ᠶᠢ ᠳᠡᠳᠬᠦᠬᠦ ᠶᠢᠨ ᠭᠤᠤᠯ ᠬᠦᠴᠦᠨ ᠪᠤᠯᠭᠠᠵᠦ᠂ ᠶᠠᠳᠠᠭᠤ ᠠᠴᠠ ᠠᠩᠭᠢᠵᠢᠷᠠᠨ ᠪᠠᠶᠠᠵᠢᠬᠤ ᠳᠤ  ᠳᠤᠳᠤᠭᠠᠳᠦ ᠶᠢᠨ ᠬᠦᠴᠦᠨ ᠤ ᠦᠢᠯᠡᠳᠦᠯ ᠢᠶᠠᠨ ᠪᠠᠳᠠᠷᠠᠭᠤᠯᠤᠨ᠂ ᠶᠠᠳᠠᠭᠤ ᠬᠦᠴᠢᠷᠳᠡᠢ ᠤᠯᠠᠨ ᠲᠦᠮᠡᠨ ᠢ  ᠪᠠᠶᠠᠵᠢᠯ ᠤᠨ ᠵᠠᠮ ᠳᠤ ᠢᠳᠡᠪᠬᠢᠳᠡᠢ ᠬᠦᠳᠦᠯᠵᠡᠢ᠃  
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号