ᠯᠢᠨᠰᠢ ᠰᠢᠶᠠᠨ ᠤᠯᠤᠰ ᠤᠨ ᠶᠠᠳᠠᠭᠤ ᠬᠦᠴᠢᠷᠳᠡᠯᠲᠡᠢ ᠰᠢᠶᠠᠨ ᠤ ᠡᠩᠨᠡᠭᠡ ᠠᠴᠠ ᠤᠬᠤᠷᠢᠨ ᠭᠠᠷᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2018-08-12
       ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠶᠠᠳᠠᠭᠤ ᠬᠦᠴᠢᠷᠳᠡᠯ ᠠᠴᠠ ᠤᠬᠤᠷᠢᠨ ᠭᠠᠷᠬᠤ ᠲᠣᠭᠲᠠᠴᠠ ᠶᠢ ᠪᠠᠶᠢᠭᠤᠯᠬᠤ ᠲᠤᠬᠠᠶ ᠰᠠᠨᠠᠯ︾ ︵ᠲᠢᠩᠬᠢᠮ ᠥᠰᠥᠭ ﹇2016﹈ 16 ᠳ᠋ᠤᠭᠠᠷ ᠲᠣᠭᠠᠲᠤ︶ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠶᠠᠳᠠᠭᠤ ᠬᠦᠴᠢᠷᠳᠡᠯ ᠠᠴᠠ ᠤᠬᠤᠷᠢᠨ ᠭᠠᠷᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠲᠢᠩᠬᠢᠮ ᠲᠠᠷᠬᠠᠭᠠᠭᠰᠠᠨ ﹇2016﹈ 24 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤ ᠰᠢᠶᠠᠨ ᠭᠤᠶᠤᠴᠢᠯᠠᠬᠤ᠂ ᠠᠶᠢᠮᠠᠭ ᠬᠤᠲᠠ ᠠᠩᠬᠠᠨ ᠤ ᠬᠢᠨᠠᠯᠲᠠ ᠬᠢᠬᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠢᠨᠠᠨ ᠪᠠᠶᠢᠴᠠᠭᠠᠬᠤ᠂ ᠤᠯᠤᠰ ᠤᠨ ᠭᠤᠷᠪᠠᠳᠠᠬᠢ ᠡᠲᠡᠭᠡᠳ ᠠᠴᠠ ᠤᠬᠤᠷᠢᠨ ᠭᠠᠷᠬᠤ ᠲᠤᠰᠬᠠᠶ ᠵᠦᠢᠯ ᠢᠶᠠᠷ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠭᠠᠳ᠂ ᠯᠢᠨᠰᠢ ᠰᠢᠶᠠᠨ ᠶᠠᠳᠠᠭᠤ ᠬᠦᠴᠢᠷᠳᠡᠯᠲᠡᠢ ᠰᠢᠶᠠᠨ ᠤ ᠡᠩᠨᠡᠭᠡ ᠠᠴᠠ ᠤᠬᠤᠷᠢᠨ ᠭᠠᠷᠬᠤ ᠨᠥᠬᠦᠴᠡᠯ ᠳᠤ ᠨᠡᠶᠢᠴᠡᠵᠡᠢ᠃ ᠰᠤᠳᠤᠯᠬᠤ ᠪᠠᠷ ᠲᠠᠮᠵᠢᠨ ᠂ ᠯᠢᠨᠰᠢ ᠰᠢᠶᠠᠨ ᠤ ᠤᠯᠤᠰ ᠤᠨ ᠶᠠᠳᠠᠭᠤ ᠬᠦᠴᠢᠷᠳᠡᠯᠲᠡᠢ ᠰᠢᠶᠠᠨ ᠤ ᠡᠩᠨᠡᠭᠡ ᠠᠴᠠ ᠤᠬᠤᠷᠢᠨ ᠭᠠᠷᠬᠤ ᠶᠢ ᠨᠢ ᠵᠦᠪᠰᠢᠶᠡᠷᠡᠪᠡ᠃          ᠡᠭᠦᠨ ᠤ ᠲᠤᠯᠠ ᠣᠨᠴᠣᠭᠤᠶᠢᠯᠠᠨ ᠵᠠᠷᠯᠠᠪᠠ᠃                                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                           2018 ᠤᠨ ᠤ 8 ᠳ᠋ᠤᠭᠠᠷ ᠰᠠᠷ᠎ᠠ ᠶᠢᠨ 10 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号