ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠶᠠᠳᠠᠭᠤ ᠬᠦᠴᠢᠷᠳᠡᠯ ᠠᠴᠠ ᠤᠬᠤᠷᠢᠨ ᠭᠠᠷᠬᠤ ᠲᠣᠭᠲᠠᠴᠠ ᠶᠢ | ᠪᠠᠶᠢᠭᠤᠯᠬᠤ ᠲᠤᠬᠠᠶ ᠰᠠᠨᠠᠯ︾ ︵ᠲᠢᠩᠬᠢᠮ ᠥᠰᠥᠭ ﹇2016﹈ 16 ᠳ᠋ᠤᠭᠠᠷ ᠲᠣᠭᠠᠲᠤ︶ ᠪᠣᠯᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠶᠠᠳᠠᠭᠤ ᠬᠦᠴᠢᠷᠳᠡᠯ ᠠᠴᠠ ᠤᠬᠤᠷᠢᠨ | ᠭᠠᠷᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠲᠢᠩᠬᠢᠮ ᠲᠠᠷᠬᠠᠭᠠᠭᠰᠠᠨ ﹇2016﹈ 24 | ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤ ᠰᠢᠶᠠᠨ ᠭᠤᠶᠤᠴᠢᠯᠠᠬᠤ᠂ ᠠᠶᠢᠮᠠᠭ ᠬᠤᠲᠠ | ᠠᠩᠬᠠᠨ ᠤ ᠬᠢᠨᠠᠯᠲᠠ ᠬᠢᠬᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠠᠵᠢᠯ ᠤᠨ ᠤᠳᠤᠷᠢᠳᠬᠤ ᠳᠤᠭᠤᠶᠢᠯᠠᠩ ᠬᠢᠨᠠᠨ ᠪᠠᠶᠢᠴᠠᠭᠠᠬᠤ᠂ ᠤᠯᠤᠰ ᠤᠨ ᠭᠤᠷᠪᠠᠳᠠᠬᠢ ᠡᠲᠡᠭᠡᠳ ᠠᠴᠠ ᠤᠬᠤᠷᠢᠨ | ᠭᠠᠷᠬᠤ ᠲᠤᠰᠬᠠᠶ ᠵᠦᠢᠯ ᠢᠶᠠᠷ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠭᠠᠳ᠂ ᠯᠢᠨᠰᠢ ᠰᠢᠶᠠᠨ ᠶᠠᠳᠠᠭᠤ | ᠬᠦᠴᠢᠷᠳᠡᠯᠲᠡᠢ ᠰᠢᠶᠠᠨ ᠤ ᠡᠩᠨᠡᠭᠡ ᠠᠴᠠ ᠤᠬᠤᠷᠢᠨ ᠭᠠᠷᠬᠤ ᠨᠥᠬᠦᠴᠡᠯ ᠳᠤ ᠨᠡᠶᠢᠴᠡᠵᠡᠢ᠃ ᠰᠤᠳᠤᠯᠬᠤ ᠪᠠᠷ ᠲᠠᠮᠵᠢᠨ | ᠂ ᠯᠢᠨᠰᠢ ᠰᠢᠶᠠᠨ ᠤ ᠤᠯᠤᠰ ᠤᠨ ᠶᠠᠳᠠᠭᠤ ᠬᠦᠴᠢᠷᠳᠡᠯᠲᠡᠢ ᠰᠢᠶᠠᠨ ᠤ ᠡᠩᠨᠡᠭᠡ ᠠᠴᠠ ᠤᠬᠤᠷᠢᠨ ᠭᠠᠷᠬᠤ ᠶᠢ ᠨᠢ | ᠵᠦᠪᠰᠢᠶᠡᠷᠡᠪᠡ᠃ | ᠡᠭᠦᠨ ᠤ ᠲᠤᠯᠠ ᠣᠨᠴᠣᠭᠤᠶᠢᠯᠠᠨ ᠵᠠᠷᠯᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | 2018 ᠤᠨ ᠤ 8 ᠳ᠋ᠤᠭᠠᠷ ᠰᠠᠷ᠎ᠠ ᠶᠢᠨ 10 ᠤ ᠡᠳᠦᠷ |