ᠯᠢᠨᠰᠢ ᠰᠢᠶᠠᠨ ᠰᠢᠨ᠎ᠡ ᠬᠡᠯᠪᠡᠷᠢ ᠶᠢᠨ ᠮᠠᠷᠭᠡᠵᠢᠯ ᠤᠨ ᠲᠠᠷᠢᠶᠠᠴᠢᠨ ᠢ ᠬᠦᠮᠤᠵᠢᠭᠦᠯᠦᠨ ᠬᠦᠳᠡᠭᠡ ᠲᠤᠰᠬᠤᠨ  ᠢ ᠬᠦᠭᠵᠢᠬᠦᠯᠦᠨ ᠮᠠᠨᠳᠤᠭᠤᠯᠬᠤ ᠤᠶᠢᠯᠡᠰ ᠲᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2018-09-25
     ᠤᠷᠴᠢᠮ ᠤᠨ ᠵᠢᠯ ᠳᠤ᠂ ᠯᠢᠨᠰᠢ ᠰᠢᠶᠠᠨ ᠰᠤᠷᠭᠠᠨ ᠬᠦᠮᠤᠵᠢᠯ ᠤᠨ ᠪᠤᠯᠪᠠᠰᠤᠷᠠᠯ  ᠂ ᠬᠡᠷᠡᠴᠢᠯᠠᠯ ᠤᠨ ᠬᠠᠮᠢᠶᠠᠷᠤᠯᠳᠠ᠂ ᠲᠦᠷᠦ ᠶᠢᠨ ᠪᠤᠳᠤᠯᠭ᠎ᠠ ᠪᠠᠷ ᠲᠡᠮᠵᠢᠬᠦ ᠵᠡᠷᠭᠡ ᠠᠷᠭ᠎ᠠ ᠠᠪᠴᠢᠯ ᠢᠶᠠᠷ ︽ᠭᠤᠷᠮᠤᠰᠤᠨ ᠴᠤᠭᠴᠠ︾ ᠪᠦᠬᠦᠢ ᠰᠢᠨ᠎ᠡ ᠬᠡᠯᠪᠡᠷᠢ ᠶᠢᠨ ᠮᠡᠷᠭᠡᠵᠢᠯ ᠤᠨ ᠲᠡᠷᠢᠶᠠᠴᠢᠨ ᠤ ᠪᠤᠯᠪᠠᠰᠤᠷᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠬᠦᠯᠵᠦ᠂ ᠮᠡᠷᠭᠡᠵᠢᠯ ᠲᠠᠳᠮᠠᠭᠠᠢ᠂ ᠡᠵᠡᠩᠨᠡᠯᠳᠡ ᠠᠪᠢᠶᠠᠰᠤᠳᠠᠢ᠂ ᠬᠠᠮᠢᠶᠠᠷᠤᠯᠳᠠ ᠭᠠᠷᠮᠠᠭᠠᠢ ᠬᠦᠳᠡᠭᠡ ᠲᠤᠰᠬᠤᠨ ᠤ ᠲᠠᠷᠢᠶᠠᠯᠠᠩ ᠤᠨ ᠮᠡᠷᠭᠡᠵᠢᠯᠳᠡᠨ ᠢ ᠬᠦᠮᠤᠵᠢᠬᠦᠯᠬᠦ ᠶᠢ ᠲᠦᠷᠬᠡᠳᠬᠡᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠬᠤ ᠳᠤ ᠮᠡᠷᠭᠡᠵᠢᠯᠳᠡᠨ ᠤ ᠰᠠᠭᠤᠷᠢ ᠶᠢ ᠪᠠᠳᠤᠯᠠᠵᠠᠢ᠃      ᠨᠢᠬᠡ ᠳᠤ᠂ ᠰᠤᠳᠤ ᠶᠢ ᠰᠢᠯᠢᠬᠦ ᠶᠢ ᠴᠢᠬᠤᠯᠴᠢᠯᠠᠵᠦ᠂ ᠮᠡᠷᠭᠡᠵᠢᠯ ᠤᠨ ᠲᠠᠷᠢᠶᠠᠴᠢᠳ ᠤᠨ ᠬᠦᠷᠢᠶ᠎ᠠ ᠬᠡᠪᠴᠢᠶ᠎ᠠ  ᠶᠢ ᠦᠷᠭᠡᠳᠬᠡᠵᠠᠢ᠃ ᠲᠠᠷᠢᠶᠠᠴᠢᠳ ᠤᠨ ᠰᠢᠨ᠎ᠡ ᠬᠡᠯᠪᠡᠷᠢ ᠶᠢᠨ ᠲᠤᠰᠬᠠᠢ  ᠮᠡᠷᠭᠡᠵᠢᠯ ᠤᠨ ᠪᠤᠯᠪᠠᠰᠤᠷᠠᠯ ᠤᠨ ᠲᠦᠰᠦᠪ  ᠢ ᠲᠦᠰᠢᠭᠯᠡᠨ᠂ ᠰᠢᠨ᠎ᠡ ᠬᠡᠯᠪᠡᠷᠢ ᠶᠢᠨ ᠮᠡᠷᠭᠡᠵᠢᠯ ᠤᠨ ᠲᠠᠷᠢᠶᠠᠴᠢᠨ ᠤ ᠬᠦᠮᠤᠵᠢᠬᠦᠯᠬᠦ ᠡᠳᠡᠭᠡᠳ ᠤᠨ ᠰᠤᠳᠤ ᠶᠢ ᠨᠢ ᠰᠢᠯᠢᠬᠦ ᠨᠢ  ︽ᠰᠠᠶᠢᠨ ᠲᠤᠷ᠎ᠠ ᠠᠴᠠ + ᠨᠡᠷ᠎ᠡ ᠲᠡᠪᠰᠢᠬᠦᠯᠬᠦ + ᠬᠢᠨᠠᠨ ᠰᠢᠯᠭᠠᠬᠤ  ︾ ᠵᠠᠷᠴᠢᠮ ᠢ ᠦᠨᠳᠤᠰᠤᠯᠡᠨ ᠰᠤᠶᠤᠯ ᠤᠨ ᠰᠠᠭᠤᠷᠢ ᠲᠠᠢ᠂ ᠰᠤᠷᠤᠯᠴᠠᠬᠤ ᠴᠢᠳᠠᠪᠤᠷᠢ ᠲᠠᠢ᠂ ᠦᠪ ᠬᠦᠷᠦᠩᠭᠡ ᠶᠢᠨ ᠰᠠᠭᠤᠷᠢ ᠲᠠᠢ᠂ ᠤᠶᠢᠯᠡᠳᠪᠤᠷᠢᠯᠠᠯ ᠤᠨ ᠡᠵᠡᠩᠨᠡᠯᠳᠡ ᠨᠢ ᠪᠦᠳᠤᠭᠡᠮᠵᠢᠳᠠᠢ ᠮᠦᠷᠳᠡᠬᠡᠨ ᠢᠳᠡᠪᠬᠢᠳᠠᠢ ᠵᠢᠱᠢᠶᠡᠴᠢ ᠤᠶᠢᠯᠡᠳᠤᠯ ᠦᠵᠡᠬᠦᠯᠬᠦ ᠂ ᠤᠷᠭᠤᠭᠤᠯᠵᠦ ᠵᠠᠶᠢᠯᠠᠬᠤ ᠲᠤᠮᠤ ᠡᠷᠤᠬᠡ᠂ ᠶᠡᠭᠡ ᠬᠡᠪᠴᠢᠶ᠎ᠠ ᠪᠠᠷ ᠤᠷᠭᠤᠭᠤᠯᠤᠨ ᠵᠠᠶᠢᠯᠠᠯᠳᠠ ᠶᠢ ᠡᠵᠡᠩᠨᠡᠭᠴᠢ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠡᠵᠡᠩᠨᠡᠭᠴᠢ᠂ ᠲᠠᠷᠢᠶᠠᠯᠠᠩ ᠤᠨ ᠬᠤᠯᠪᠤᠭᠠᠳᠤ ᠬᠤᠷᠰᠢᠶ᠎ᠠ ᠶᠢᠨ ᠲᠤᠯᠭᠠᠭᠤᠷᠢ ᠬᠦᠴᠦᠨ᠂ ᠨᠤᠳᠤᠭ ᠲᠠᠭᠠᠨ ᠬᠠᠷᠢᠵᠦ ᠤᠶᠢᠯᠡᠰ ᠴᠤᠭᠴᠠᠯᠠᠬᠤ ᠪᠠᠷ ᠢᠷᠡᠭᠰᠡᠨ ᠬᠦᠳᠡᠭᠡ ᠶᠢᠨ ᠬᠦᠳᠡᠯᠮᠤᠷᠢᠯᠡᠭᠴᠢ ᠵᠡᠷᠭᠡ ᠬᠦᠮᠤᠰ ᠢ ᠰᠢᠨ᠎ᠡ ᠬᠡᠯᠪᠡᠷᠢ ᠶᠢᠨ ᠮᠡᠷᠭᠡᠵᠢᠯ ᠤᠨ ᠲᠡᠷᠢᠶᠠᠴᠢᠨ ᠤ ᠪᠤᠯᠪᠠᠰᠤᠷᠠᠯ   ᠤᠨ ᠲᠦᠯᠦᠪᠯᠡᠭᠡ ᠳᠤ ᠤᠷᠤᠭᠤᠯᠵᠠᠢ᠃      ᠬᠤᠶᠡᠷ ᠲᠤ᠂  ᠪᠤᠯᠪᠠᠰᠤᠷᠠᠯ ᠢ ᠴᠢᠬᠤᠯᠴᠢᠯᠠᠵᠦ᠂ ᠮᠡᠷᠭᠡᠵᠢᠯ ᠤᠨ ᠲᠠᠷᠢᠶᠠᠴᠢᠨ ᠤ ᠴᠢᠨᠠᠷ ᠴᠢᠨᠰᠠᠭ᠎ᠠ ᠶᠢ  ᠲᠡᠭᠡᠭᠰᠢᠯᠡᠬᠦᠯᠵᠠᠢ᠃ ᠯᠢᠨᠰᠢ ᠰᠢᠶᠠᠨ ᠤ ᠲᠠᠷᠢᠶᠠᠯᠠᠩ ᠤᠨ ᠷᠠᠳᠢᠤ᠋ ᠲᠧᠯᠸᠢᠰ ᠤᠨ ᠰᠤᠷᠭᠠᠭᠤᠯᠢ ᠠᠴᠠ ᠰᠢᠨ᠎ᠡ ᠬᠡᠯᠪᠡᠷᠢ  ᠶᠢᠨ ᠮᠡᠷᠭᠡᠵᠢᠯ ᠤᠨ ᠲᠠᠷᠢᠶᠠᠴᠢᠨ ᠤ ᠪᠤᠯᠪᠠᠰᠤᠷᠠᠯ ᠤᠨ ᠠᠵᠢᠯ ᠢ ᠡᠷᠬᠢᠯᠡᠨ ᠬᠦᠢᠴᠡᠳᠬᠡᠬᠦ ᠪᠠᠷ ᠲᠤᠭᠳᠠᠪᠠ᠃ ᠲᠦᠪᠯᠡᠷᠡᠬᠦᠯᠤᠨ ᠠᠩᠭᠢ ᠡᠷᠭᠢᠯᠡᠨ ᠪᠤᠯᠪᠠᠰᠤᠷᠠᠭᠤᠯᠬᠤ᠂ ᠲᠤᠬᠠᠢ ᠶᠢᠨ ᠭᠠᠵᠠᠷ ᠲᠤ ᠬᠦᠷᠴᠦ ᠠᠵᠢᠯᠯᠠᠭ᠎ᠠ ᠶᠢ ᠨᠢ ᠵᠢᠯᠤᠭᠤᠳᠬᠤ᠂ ᠬᠠᠷᠢ ᠭᠠᠵᠠᠷ ᠲᠤᠷᠰᠢᠯᠭ᠎ᠠ ᠰᠤᠯᠢᠴᠠᠬᠤ ᠪᠠ ᠮᠦᠷᠳᠡᠨ ᠯᠠᠪᠯᠠᠬᠤ ᠤᠶᠢᠯᠡᠴᠢᠯᠡᠬᠡᠨ ᠶᠢ ᠤᠶᠠᠯᠳᠤᠭᠤᠯᠵᠦ᠂ ᠰᠢᠰᠲ᠋ᠧᠮᠵᠢᠯᠡᠭᠰᠡᠨ ᠲᠤᠪᠶᠤᠭᠴᠢᠯᠠᠭᠰᠠᠨ ᠪᠤᠯᠪᠠᠰᠤᠷᠠᠯ ᠤᠨ ᠤᠶᠢᠯᠡᠴᠢᠯᠡᠬᠡᠨ ᠤ ᠬᠡᠪ ᠵᠠᠭᠪᠤᠷ ᠶᠢ ᠰᠦᠪᠡᠭᠴᠢᠯᠡᠨ᠂ ᠪᠤᠯᠪᠠᠰᠤᠷᠠᠭᠤᠯᠬᠤ᠂ ᠵᠢᠯᠤᠭᠤᠳᠬᠤ᠂ ᠤᠶᠢᠯᠡᠴᠢᠯᠡᠬᠦ ︽ᠭᠤᠷᠮᠤᠰᠤᠨ ᠴᠤᠭᠴᠠ︾ ᠶᠢ ᠪᠤᠳᠠᠳᠠᠶᠢᠵᠢᠭᠤᠯᠵᠠᠢ᠃  ᠤᠳᠤ ᠪᠤᠯᠳᠠᠯ᠎ᠠ ᠪᠦᠬᠦ ᠰᠢᠶᠠᠨ ᠨᠡᠶᠢᠳᠡ 8 ᠰᠠᠭᠤᠷᠢ ᠲᠠᠷᠢᠶᠠᠴᠢᠳ ᠤᠨ ᠲᠠᠷᠢᠶᠠᠨ ᠭᠠᠵᠠᠷ  ᠤᠨ ᠰᠤᠷᠭᠠᠭᠤᠯᠢ ᠪᠠᠶᠢᠭᠤᠯᠵᠦ᠂ 2016 ᠤᠨ ᠠᠴᠠ ᠨᠠᠰᠢ ᠪᠦᠬᠦ ᠰᠢᠶᠠᠨ ᠨᠡᠶᠢᠳᠡ 337 ᠨᠡᠷᠡᠰ ᠰᠢᠨ᠎ᠡ ᠬᠡᠯᠪᠡᠷᠢ  ᠶᠢᠨ ᠮᠡᠷᠭᠡᠵᠢᠯ ᠤᠨ ᠲᠠᠷᠢᠶᠠᠴᠢᠨ ᠪᠤᠯᠪᠠᠰᠤᠷᠠᠯ ᠳᠤ ᠤᠷᠤᠯᠴᠠᠵᠦ᠂ ᠵᠢᠯ ᠤᠨ ᠲᠤᠤᠷ᠎ᠠ170 ᠨᠡᠷᠡᠰ ᠰᠢᠨ᠎ᠡ ᠬᠡᠯᠪᠡᠷᠢ  ᠶᠢᠨ ᠮᠡᠷᠭᠡᠵᠢᠯ ᠤᠨ ᠲᠠᠷᠢᠶᠠᠴᠢᠨ ᠢ ᠪᠤᠯᠪᠠᠰᠤᠷᠠᠯ ᠳᠤ ᠤᠷᠤᠯᠴᠠᠭᠤᠯᠬᠤ ᠪᠠᠷ ᠲᠦᠰᠦᠪᠯᠡᠵᠦ ᠪᠠᠶᠢᠨ᠎ᠠ᠃      ᠭᠤᠷᠪᠠ ᠳᠤ᠂ ᠬᠠᠮᠢᠶᠠᠷᠤᠯᠳᠠ ᠪᠠᠨ ᠴᠢᠩᠭᠠᠳᠬᠠᠵᠦ᠂ ᠮᠡᠷᠭᠡᠵᠢᠯ ᠤᠨ ᠲᠠᠷᠢᠶᠠᠴᠢᠨ ᠤ ᠡᠩᠨᠡᠭᠡ ᠶᠢᠨ ᠲᠤᠭᠳᠠᠪᠤᠷᠢ ᠶᠢ ᠪᠠᠳᠤᠯᠠᠵᠠᠢ᠃ ︽ ᠯᠢᠨᠰᠢ ᠰᠢᠶᠠᠨ ᠤ ᠰᠢᠨ᠎ᠡ ᠬᠡᠯᠪᠡᠷᠢ ᠶᠢᠨ ᠮᠡᠷᠭᠡᠵᠢᠯ ᠤᠨ ᠲᠠᠷᠢᠶᠠᠴᠢᠨ ᠢ  ᠬᠢᠨᠠᠨ ᠲᠤᠭᠳᠠᠭᠠᠬᠤ ᠬᠠᠮᠢᠶᠠᠷᠤᠯᠳᠠ ᠶᠢᠨ ᠲᠦᠷᠢᠮ︾ ᠢ ᠲᠤᠭᠳᠠᠭᠠᠵᠦ ︽ ᠵᠠᠰᠠᠭ ᠤᠨ ᠤᠷᠳᠤᠨ ᠬᠦᠳᠤᠯᠵᠦ᠂ ᠲᠠᠷᠢᠶᠠᠴᠢᠨ ᠰᠠᠶᠢᠨ ᠲᠤᠷ᠎ᠠ ᠠᠴᠠ ᠤᠷᠤᠯᠴᠠᠬᠤ᠂ ᠪᠠᠷᠢᠮᠵᠢᠶ᠎ᠠ ᠪᠠᠨ ᠴᠢᠩᠭᠠᠳᠬᠠᠬᠤ᠂ ᠬᠦᠳᠡᠯᠤᠩᠬᠦᠢ ᠬᠠᠮᠢᠶᠠᠷᠤᠬᠤ︾ ᠵᠠᠷᠴᠢᠮ ᠢ ᠪᠠᠷᠢᠮᠳᠠᠯᠠᠵᠦ᠂ ᠰᠠᠶᠢᠨ ᠲᠤᠷ᠎ᠠ ᠠᠴᠠ ᠪᠠᠨ ᠨᠡᠷ᠎ᠡ ᠮᠠᠳᠡᠬᠦᠯᠬᠦ᠂ ᠰᠢᠶᠠᠩ ᠪᠠᠯᠭᠠᠰᠤ ᠠᠴᠠ ᠠᠩᠬᠠᠨ ᠤ ᠬᠢᠨᠠᠯᠳᠠ ᠬᠢᠬᠦ᠂ ᠰᠢᠶᠠᠨ ᠠᠴᠠ ᠰᠢᠯᠭᠠᠨ ᠲᠤᠭᠳᠠᠭᠠᠬᠤ᠂ ᠨᠤᠳᠠᠯᠠᠨ ᠲᠤᠭᠳᠠᠭᠠᠵᠦ ᠦᠨᠡᠮᠯᠠᠯ ᠭᠠᠷᠳᠠᠭᠤᠯᠬᠤ᠂  ᠨᠦᠬᠦᠴᠡᠯ ᠳᠤ ᠬᠦᠷᠦᠭᠰᠡᠨ ᠰᠢᠨ᠎ᠡ ᠬᠡᠯᠪᠡᠷᠢ ᠶᠢᠨ ᠮᠡᠷᠭᠡᠵᠢᠯ ᠤᠨ ᠲᠠᠷᠢᠶᠠᠴᠢᠨ ᠳᠤ ︽ᠯᠢᠨᠰᠢ ᠰᠢᠶᠠᠨ ᠤ ᠰᠢᠨ᠎ᠡ ᠬᠡᠯᠪᠡᠷᠢ ᠶᠢᠨ ᠮᠡᠷᠭᠡᠵᠢᠯ ᠤᠨ ᠲᠠᠷᠢᠶᠠᠴᠢᠨ ᠤ ᠦᠨᠡᠮᠯᠠᠯ︾ ᠬᠦᠷᠳᠡᠬᠡᠵᠠᠢ᠃  ᠯᠢᠨᠰᠢ ᠰᠢᠶᠠᠨ ᠨᠢᠬᠡᠨᠳᠡ ᠨᠤᠳᠠᠯᠠᠨ  ᠲᠤᠭᠳᠠᠭᠠᠭᠰᠠᠨ ᠪᠠᠶᠠᠵᠢᠯ ᠤᠨ ᠲᠤᠯᠤᠭᠠᠶᠢᠯᠠᠭᠴᠢ ᠪᠠᠷ ᠭᠤᠤᠯᠯᠠᠭᠰᠠᠨ ᠰᠢᠨ᠎ᠡ ᠬᠡᠯᠪᠡᠷᠢ ᠶᠢᠨ ᠮᠡᠷᠭᠡᠵᠢᠯ ᠤᠨ ᠲᠠᠷᠢᠶᠠᠴᠢᠨ ᠤ ᠲᠤᠭ᠎ᠠ 337 ᠨᠡᠷᠡᠰ ᠬᠦᠷᠴᠦ᠂ ᠵᠢᠯ ᠤᠨ ᠲᠤᠤᠷ᠎ᠠ ᠪᠦᠬᠦ ᠰᠢᠶᠠᠨ ᠠᠴᠠ ᠪᠠᠰᠠ170 ᠨᠡᠷᠡᠰ ᠰᠢᠨ᠎ᠡ ᠬᠡᠯᠪᠡᠷᠢ ᠶᠢᠨ ᠮᠡᠷᠭᠡᠵᠢᠯ ᠤᠨ ᠲᠠᠷᠢᠶᠠᠴᠢᠨ ᠢ ᠨᠤᠳᠠᠯᠠᠨ ᠲᠤᠭᠳᠠᠭᠠᠬᠤ ᠪᠠᠷ ᠲᠦᠰᠦᠪᠯᠡᠵᠦ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号