ᠤᠯᠠᠭᠠᠨᠮᠦ᠋ᠴᠢᠷ ᠤᠨ ᠤᠷᠠᠯᠢᠭ ᠢᠶᠠᠷ ᠬᠦᠳᠡᠭᠡ ᠪᠠᠭᠤᠨ ᠠᠷᠠᠳ ᠲᠤ ᠬᠠᠯᠠᠮᠵᠢ  ᠬᠦᠷᠭᠡᠭᠦ ᠲᠤᠭᠯᠠᠯᠳᠠ ᠶᠢᠨ ᠪᠦᠯᠬᠦᠮ ᠨᠢ ᠰᠢᠤᠸᠠᠢ ᠹᠦ᠋ ᠨᠡᠶᠢᠭᠡᠮ ᠲᠤᠭᠤᠷᠢᠭ ᠲᠤ ᠤᠷᠠᠨ ᠰᠠᠶᠢᠬᠠᠨ ᠤ ᠲᠤᠭᠯᠠᠯᠳᠠ ᠬᠦᠷᠭᠡᠪᠡ
ᠨᠡᠶᠢᠲᠡᠯᠡᠭᠰᠡᠨ ᠴᠠᠭ᠄
2018-09-26
      9  ᠰᠠᠷ᠎ᠠ ᠶᠢᠨ17 ᠤ ᠡᠳᠤᠷ᠂ ᠴᠧᠩ ᠨᠠᠨ ᠵᠡᠭᠡᠯᠢ ᠭᠤᠳᠤᠮᠵᠢ ᠶᠢᠨ ᠰᠢᠤᠸᠠᠢ ᠹᠦ᠋ ᠨᠡᠶᠢᠭᠡᠮ ᠲᠤᠭᠤᠷᠢᠭ  ᠤᠨ ᠾᠧ ᠫᠠᠨ ᠬᠤᠷᠢᠶᠠᠯᠠᠯ ᠳᠤ ᠦᠪᠡᠷᠮᠢᠴᠡ ᠤᠨᠴᠠᠯᠢᠭ ᠪᠦᠬᠦᠢ ᠤᠷᠠᠨ ᠰᠠᠶᠢᠬᠠᠨ ᠤ ᠲᠤᠭᠯᠠᠯᠳᠠ ᠶᠠᠪᠤᠭᠳᠠᠵᠦ ᠪᠠᠶᠢᠨ᠎ᠠ᠃ ᠲᠤᠰ ᠤᠳᠠᠭᠠᠨ ᠤ ᠲᠤᠭᠯᠠᠯᠳᠠ ᠨᠢ ᠰᠢᠤᠸᠠᠢ ᠹᠦ᠋ ᠨᠡᠶᠢᠭᠡᠮ ᠲᠤᠭᠤᠷᠢᠭ ᠤᠨ ︽ᠲᠦᠷᠪᠡ ᠶᠢ ᠵᠤᠬᠢᠴᠠᠯᠳᠤᠭᠤᠯᠬᠤ᠂ ᠲᠦᠷᠪᠡᠨ ᠦᠷᠳᠡᠭᠡ︾ ᠬᠤᠯᠪᠤᠭᠠᠳᠤ ᠨᠠᠮ ᠤᠨ ᠬᠤᠷᠢᠶ᠎ᠠ ᠨᠢ ᠰᠢᠶᠠᠨ ᠤ ᠤᠯᠠᠭᠠᠨᠮᠦ᠋ᠴᠢᠷ ᠲᠠᠢ ᠬᠠᠮᠳᠤᠷᠠᠨ ᠡᠷᠬᠢᠯᠡᠭᠰᠡᠨ ᠭᠦᠳᠡᠭᠡ ᠪᠠᠭᠤᠨ ᠤᠷᠠᠯᠢᠭ ᠢᠶᠠᠷ ᠠᠷᠠᠳ ᠲᠤ ᠬᠠᠯᠠᠮᠵᠢ ᠬᠦᠷᠭᠡᠬᠦ ᠠᠵᠢᠯᠯᠠᠭ᠎ᠠ ᠪᠤᠯᠤᠨ᠎ᠠ᠃ ᠨᠡᠶᠢᠭᠡᠮ ᠲᠤᠭᠤᠷᠢᠭ᠂ ᠬᠠᠷᠢᠶ᠎ᠠ ᠬᠤᠷᠢᠶᠠᠯᠠᠯ ᠤᠨ ᠨᠠᠮ ᠤᠨ ᠭᠡᠰᠢᠬᠦᠨ ᠤ ᠲᠦᠯᠦᠭᠡᠯᠡᠭᠴᠢ᠂ ᠰᠤᠶᠤᠯ ᠤᠷᠠᠯᠢᠭ ᠤᠨ ᠠᠵᠢᠯᠳᠠᠨ᠂ ᠰᠠᠭᠤᠭᠠᠯᠢ ᠠᠷᠠᠳ ᠨᠡᠶᠢᠳᠡ200 ᠭᠠᠷᠤᠢ ᠬᠦᠮᠤᠰ ᠡᠨᠡᠬᠦ ᠪᠠᠶᠠᠯᠢᠭ ᠠᠭᠤᠯᠭ᠎ᠠ ᠲᠠᠢ  ᠪᠠᠭ᠋ᠠᠷᠤᠯ ᠲᠠᠳᠠᠭᠰᠠᠨ ᠦᠪᠡᠭᠳᠡᠰᠢ ᠰᠠᠶᠢᠬᠠᠨ ᠤᠷᠠᠨ ᠰᠠᠶᠢᠬᠠᠨ ᠤ ᠲᠤᠭᠯᠠᠯᠳᠠ ᠶᠢ ᠡᠬᠦᠳᠡᠨ ᠡᠮᠤᠨ᠎ᠡ ᠪᠠᠨ  ᠦᠵᠡᠨ ᠰᠤᠨᠢᠷᠬᠠᠭᠰᠠᠨ ᠪᠠᠶᠢᠨ᠎ᠠ᠃       ᠪᠠᠶᠠᠷ ᠬᠦᠷ ᠲᠠᠢ ᠡᠬᠢᠯᠡᠯᠳᠡ ᠶᠢᠨ ᠪᠦᠵᠢᠭ ᠢᠶᠠᠷ ᠲᠤᠭᠯᠠᠯᠳᠠ ᠶᠢᠨ ᠬᠦᠰᠢᠬᠡ ᠪᠠᠨ ᠨᠡᠭᠡᠭᠡᠵᠦ᠂ ᠭᠤᠴᠤᠯᠠᠯ ᠲᠠᠭᠤᠤ᠂ ᠠᠶᠠᠭᠠᠨ ᠪᠦᠵᠢᠭ᠂  ᠮᠤᠷᠢᠨ ᠬᠤᠭᠤᠷ᠂ ᠬᠤᠱᠤᠩ ᠵᠦᠴᠦᠬᠡ᠂ ᠪᠡᠭᠡᠵᠢᠩ ᠵᠦᠴᠦᠬᠡ ᠵᠡᠷᠬᠡ ᠲᠤᠭᠯᠠᠯᠳᠠ  ᠨᠢ ᠪᠦᠷ ᠪᠤᠯᠪᠠᠰᠤᠨ ᠰᠤᠷᠳᠠᠯ ᠢᠳᠡᠪᠭᠢ ᠬᠦᠴᠦᠨ ᠢ ᠤᠬᠠᠭᠤᠯᠤᠨ᠂ ᠲᠤᠭᠯᠠᠭᠴᠢᠳ ᠠᠴᠠ ᠬᠠᠭᠤᠴᠢᠨ ᠢ ᠡᠪᠳᠡᠨ ᠰᠢᠨ᠎ᠡ ᠶᠢ ᠡᠬᠦᠳᠬᠦ ᠵᠤᠷᠢᠭ ᠰᠠᠨᠠᠭ᠎ᠠ ᠪᠠᠨ ᠲᠤᠭᠯᠠᠯᠳᠠ ᠶᠢᠨ ᠠᠭᠤᠯᠭ᠎ᠠ ᠳᠠᠭᠠᠨ ᠠᠭᠤᠰᠬᠠᠵᠦ᠂ ᠤᠷᠠᠯᠢᠭ ᠢᠶᠠᠷ ᠠᠷᠠᠳ ᠲᠤ ᠬᠠᠯᠠᠮᠵᠢ ᠬᠦᠷᠭᠡᠭᠦ ᠲᠦᠷᠦ ᠶᠢᠨ ᠪᠤᠳᠤᠯᠭ᠎ᠠ ᠪᠠᠨ ᠤᠬᠠᠭᠤᠯᠬᠤ ᠶᠢᠨ ᠵᠡᠷᠬᠡ ᠪᠠᠷ ᠤᠯᠠᠨ ᠲᠦᠮᠡᠨ ᠳᠡᠭᠡᠨ ᠬᠠᠭᠤᠴᠢᠨ ᠵᠤᠷᠰᠢᠯ ᠪᠤᠯᠬᠢ ᠵᠠᠩᠰᠢᠯ ᠢᠶᠠᠨ ᠬᠠᠶᠠᠵᠦ᠂ ᠪᠤᠯᠪᠠᠰᠤᠨ ᠰᠢᠨ᠎ᠡ ᠰᠤᠷᠳᠠᠯ ᠢ ᠡᠷᠬᠢᠮᠯᠡᠬᠦ ᠶᠢ ᠰᠤᠷᠭᠠᠨ ᠵᠠᠮᠴᠢᠯᠠᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号