9 ᠰᠠᠷ᠎ᠠ ᠶᠢᠨ21 ᠤ ᠡᠳᠤᠷ᠂ ᠯᠢᠨᠰᠢ ᠰᠢᠶᠠᠨ ᠤ ᠰᠢᠭᠤᠤᠨ ᠬᠠᠷᠢᠶ᠎ᠠ ᠪᠠᠶᠢᠭᠤᠯᠭ᠎ᠠ ᠶᠢᠨ ᠠᠵᠢᠯ ᠤᠨ | ᠵᠦᠪᠯᠡᠯ᠂ ᠯᠢᠨᠰᠢ ᠰᠢᠶᠠᠨ ᠤ ᠰᠤᠶᠤᠯ᠂ ᠷᠡᠳᠢᠤ᠋ ᠨᠡᠪᠳᠡᠷᠡᠭᠦᠯᠬᠡ᠂ ᠲᠧᠯᠸᠢᠰ᠂ ᠪᠡᠶ᠎ᠡ ᠶᠢᠨ ᠲᠠᠮᠢᠷ᠂ ᠵᠢᠭᠤᠯᠴᠢᠯᠠᠯ ᠤᠨ | ᠲᠤᠪᠴᠢᠶ᠎ᠠ ᠠᠴᠠ ᠬᠠᠮᠳᠤᠷᠠᠨ ᠡᠷᠬᠢᠯᠡᠭᠰᠡᠨ ︽ᠯᠢᠨᠰᠢ ᠰᠢᠶᠠᠨ ᠪᠠᠶᠢᠭᠤᠯᠤᠭᠳᠠᠭᠰᠠᠨ110 ᠵᠢᠯ ᠤᠨ ᠤᠢ ᠶᠢ | ᠪᠡᠯᠭᠡᠯᠡᠬᠦ — ᠪᠦᠬᠦ ᠰᠢᠶᠠᠨ ᠤ ᠲᠠᠪᠤᠳᠤᠭᠠᠷ ᠬᠤᠭᠤᠴᠠᠭᠠᠨ ᠤ ᠠᠵᠢᠯᠳᠠᠨ ᠤ ᠠᠯᠠᠭᠠᠳᠠᠬᠤ ᠪᠦᠮᠪᠦᠭᠡ ᠶᠢᠨ | ᠤᠷᠤᠯᠳᠤᠭᠠᠨ︾ ᠨᠢ ᠯᠢᠨᠰᠢ ᠰᠢᠶᠠᠨ ᠤ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠳᠤ | ᠲᠡᠭᠦᠰ ᠠᠮᠵᠢᠯᠳᠠ ᠲᠠᠢ ᠦᠨᠳᠤᠷᠯᠡᠪᠡ᠃ ᠲᠤᠰ ᠤᠳᠠᠭᠠᠨ ᠤ ᠤᠷᠤᠯᠳᠤᠭᠠᠨ ᠨᠢ ᠬᠤᠶᠠᠷ ᠡᠳᠤᠷ ᠤᠨ ᠬᠤᠭᠤᠴᠠᠭ᠎ᠠ | ᠦᠷᠬᠦᠯᠵᠢᠯᠡᠵᠦ᠂ ᠰᠢᠶᠠᠨ ᠤ ᠰᠢᠭᠤᠤᠨ ᠬᠠᠷᠢᠶ᠎ᠠ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠤᠯᠤᠰ ᠤᠨ ᠠᠵᠦ | ᠠᠬᠤᠶᠢᠯᠠᠯ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠵᠢᠴᠢ 12 ᠨᠠᠮ ᠤᠨ ᠵᠤᠬᠢᠶᠠᠨ ᠪᠠᠶᠢᠭᠤᠯᠤᠯᠳᠠ ᠶᠢᠨ | ᠨᠡᠶᠢᠳᠡ130 ᠭᠠᠷᠤᠢ ᠬᠦᠮᠤᠨ ᠤᠷᠤᠯᠳᠤᠭᠠᠨ ᠳᠤ ᠤᠷᠤᠯᠴᠠᠵᠠᠢ᠃ | ᠤᠷᠤᠯᠳᠤᠭᠠᠨ ᠳᠤ ᠲᠠᠮᠢᠷᠴᠢᠳ ᠴᠤᠭ ᠵᠢᠪᠬᠤᠭ᠎ᠠ ᠰᠦᠷ ᠰᠦᠯᠳᠡ ᠪᠠᠨ ᠲᠡᠯᠬᠡᠨ ᠭᠠᠶᠢᠬᠠᠭᠤᠯᠵᠦ ᠂ | ᠤᠷᠤᠯᠳᠤᠭᠠᠨ ᠢᠶᠠᠷ ᠲᠠᠮᠵᠢᠨ ᠪᠦᠬᠦ ᠰᠢᠶᠠᠨ ᠤ ᠺᠠᠳᠡᠷ ᠠᠵᠢᠯᠳᠠᠨ ᠤ ᠬᠡᠷ ᠤᠷᠤᠨ ᠢᠶᠠᠨ ᠴᠤᠭᠴᠠᠯᠠᠨ ᠪᠠᠶᠢᠭᠤᠯᠬᠤ | ᠤᠷᠮ᠎ᠠ ᠵᠤᠷᠢᠭ ᠢ ᠬᠦᠭᠵᠢᠬᠡᠵᠦ᠂ ᠰᠤᠶᠤᠯ ᠤᠨ ᠠᠮᠢᠳᠤᠷᠠᠯ ᠢ ᠨᠢ ᠪᠠᠶᠠᠯᠢᠭᠵᠢᠭᠤᠯᠵᠠᠢ᠃ ᠤᠷᠤᠯᠳᠤᠭᠠᠨ ᠨᠢ ᠮᠠᠨ ᠤ | ᠰᠢᠶᠠᠨ ᠤ ᠪᠦᠬᠦ ᠠᠷᠠᠳ ᠤᠨ ᠪᠡᠶ᠎ᠡ ᠴᠠᠬᠢᠷᠠᠭᠵᠢᠭᠤᠯᠤᠯᠳᠠ ᠶᠢᠨ ᠲᠦᠯᠦᠪᠯᠡᠭᠡ ᠶᠢ ᠬᠦᠨᠵᠡᠬᠡᠢ ᠦᠷᠨᠢᠬᠦᠯᠬᠦ ᠪᠠ ᠡᠶ᠎ᠡ | ᠵᠤᠬᠢᠴᠠᠩᠭᠤᠢ ᠯᠢᠨᠰᠢ ᠰᠢᠶᠠᠨ ᠤ ᠬᠦᠭᠵᠢᠯᠳᠡ ᠶᠢ ᠲᠦᠯᠬᠢᠨ ᠠᠬᠢᠭᠤᠯᠵᠦ᠂ ᠰᠢᠶᠠᠨ ᠪᠠᠶᠢᠭᠤᠯᠤᠭᠳᠠᠭᠰᠠᠨ110 ᠵᠢᠯ | ᠤᠨ ᠤᠢ ᠳᠤ ᠪᠡᠯᠡᠭ ᠪᠠᠷᠢᠭᠰᠠᠨ ᠪᠠᠶᠢᠨ᠎ᠠ᠃ ᠭᠤᠷᠪᠠᠳᠤᠭᠠᠷ ᠲᠤᠮᠳᠠᠳᠤ ᠰᠤᠷᠭᠠᠭᠤᠯᠢ᠂ ᠵᠠᠰᠠᠭ ᠤᠨ ᠤᠷᠳᠤᠨ ᠤ | ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠯᠢᠨᠰᠢ ᠰᠢᠯᠵᠢᠮᠡᠯ ᠬᠤᠯᠪᠤᠭ᠎ᠠ ᠶᠢᠨ ᠺᠤᠮᠫᠠᠨᠢ᠂ ᠠᠯᠠᠭᠠᠳᠠᠬᠤ ᠪᠦᠮᠪᠦᠭᠡ ᠶᠢᠨ | ᠨᠡᠶᠢᠭᠡᠮᠯᠢᠭ᠂ ᠬᠤᠨᠤᠭᠯᠠᠬᠤ ᠲᠦᠷᠢᠮ ᠤᠨ ᠪᠠᠭ᠎ᠠ ᠰᠤᠷᠭᠠᠭᠤᠯᠢ᠂ ᠬᠦᠮᠤᠨ ᠤ ᠡᠬᠢ ᠪᠠᠶᠠᠯᠢᠭ ᠪᠠ ᠨᠠᠶᠢᠬᠡᠮ ᠤᠨ | ᠪᠠᠳᠤᠯᠠᠭᠠᠨ ᠤ ᠲᠤᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠨᠢ ᠲᠤᠰ ᠪᠦᠷᠢ ᠡᠮᠤᠨ᠎ᠡ ᠵᠢᠷᠭᠤᠭᠠᠨ ᠨᠡᠷᠡᠰ | ᠢᠶᠠᠷ ᠲᠤᠳᠤᠷᠠᠵᠦ᠂ ᠤᠷᠤᠨ ᠰᠠᠭᠤᠴᠠ ᠪᠠ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ ᠶᠢᠨ ᠪᠠᠶᠢᠭᠤᠯᠭ᠎ᠠ ᠶᠢᠨ ᠨᠠᠮ | ᠤᠨ ᠬᠤᠷᠢᠶ᠎ᠠ ᠪᠠ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠨᠢ ᠲᠤᠰ | ᠪᠦᠷᠢ ᠰᠢᠯᠢᠳᠡᠭ ᠵᠤᠬᠢᠶᠠᠨ ᠪᠠᠶᠢᠭᠤᠯᠤᠯᠳᠠ ᠪᠠ ᠪᠤᠯᠪᠠᠰᠤᠨ ᠬᠡᠪ ᠰᠤᠷᠳᠠᠯ ᠤᠨ ᠬᠦᠬᠢᠬᠦᠯᠦᠯ ᠢ ᠬᠦᠷᠳᠡᠪᠡ᠃ |