ᠯᠢᠨᠰᠢ ᠰᠢᠶᠠᠨ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠲᠦᠷᠬᠡᠨ ᠬᠦᠭᠵᠢᠯᠳᠡ ᠶᠢ ᠢᠳᠡᠪᠬᠢᠳᠠᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2018-09-28
      ᠤᠷᠴᠢᠮ ᠤᠨ ᠵᠢᠯ ᠳᠤ᠂ ᠯᠢᠨᠰᠢ ᠰᠢᠶᠠᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠢ ᠬᠦᠮᠤᠵᠢᠬᠦᠯᠦᠨ ᠪᠤᠯᠪᠠᠰᠤᠷᠠᠭᠤᠯᠬᠤ ᠠᠵᠢᠯ ᠢ ᠯᠠᠪᠳᠠᠭᠤᠨ ᠪᠤᠳᠠᠳᠠᠢ ᠨᠠᠶᠢᠳᠠᠪᠤᠷᠢᠵᠢᠭᠤᠯᠵᠦ᠂  ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠳ ᠤᠨ ᠡᠩᠨᠡᠭᠡ ᠶᠢ ᠴᠤᠭᠴᠠᠯᠠᠨ ᠪᠠᠶᠢᠭᠤᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ ᠭᠤᠤᠯ  ᠴᠤᠭᠴᠠ ᠶᠢ ᠦᠷᠭᠡᠳᠭᠡᠨ ᠬᠦᠴᠦᠷᠭᠡᠭᠵᠢᠬᠦᠯᠵᠦ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠤ ᠪᠤᠯᠪᠠᠰᠤᠷᠠᠯ ᠤᠨ ᠠᠬᠢᠴᠠ ᠶᠢ ᠲᠦᠯᠬᠢᠨ  ᠠᠬᠢᠭᠤᠯᠵᠠᠢ᠃ ᠯᠢᠨᠰᠢ ᠰᠢᠶᠠᠨ ᠲᠠᠰᠤᠷᠠᠯᠳᠠ ᠦᠭᠡᠢ ᠰᠡᠳᠬᠢᠮᠵᠢ ᠪᠠᠨ ᠰᠢᠨᠡᠳᠭᠡᠨ᠂ ᠲᠤᠭᠳᠠᠭᠠᠮᠵᠢ ᠪᠠᠨ ᠲᠡᠬᠦᠯᠳᠡᠷᠵᠢᠬᠦᠯᠵᠦ᠂ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ ᠲᠤᠭᠳᠠᠯᠴᠠᠭ᠎ᠠ ᠶᠢᠨ ᠰᠢᠨᠡᠴᠢᠯᠡᠯᠳᠡ ᠪᠠ ᠦᠬᠡᠷᠡᠴᠢᠯᠡᠯᠳᠡ ᠶᠢ ᠢᠳᠡᠪᠬᠢᠳᠠᠢ ᠲᠦᠯᠬᠢᠨ ᠠᠬᠢᠭᠤᠯᠤᠭᠰᠠᠨ ᠠᠴᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠨᠢ ᠤᠯᠠᠨ ᠡᠰᠢᠳᠤ ᠬᠦᠭᠵᠢᠯᠳᠡ ᠶᠢᠨ ᠬᠠᠨᠳᠤᠰᠢ ᠢᠯᠡᠷᠡᠵᠦ  ᠪᠠᠶᠢᠨ᠎ᠠ᠃      ᠨᠢᠬᠡ᠂ ᠲᠤᠰᠬᠠᠢ ᠲᠤᠮᠤ ᠡᠷᠤᠬᠡ ᠶᠢᠨ ᠪᠠᠶᠢᠳᠠᠯ ᠠᠴᠠ ᠦᠵᠡᠪᠡᠯ᠂ ᠪᠦᠬᠦ ᠰᠢᠶᠠᠨ ᠳᠤ ᠲᠠᠷᠢᠵᠦ ᠤᠷᠭᠤᠭᠤᠯᠬᠤ ᠪᠠ ᠲᠡᠵᠢᠬᠡᠨ ᠦᠷᠡᠵᠢᠬᠦᠯᠬᠦ ᠲᠤᠮᠤ ᠡᠷᠤᠬᠡ 3965 ᠡᠷᠤᠬᠡ ᠪᠠᠶᠢᠨ᠎ᠠ᠂ ᠡᠭᠦᠨ ᠳᠤ ᠲᠠᠷᠢᠵᠦ  ᠤᠷᠭᠤᠭᠤᠯᠬᠤ ᠲᠤᠮᠤ ᠡᠷᠤᠬᠡ   ᠨᠢ 1997 ᠡᠷᠤᠬᠡ᠂ ᠲᠡᠵᠢᠬᠡᠨ ᠦᠷᠡᠵᠢᠬᠦᠯᠬᠦ ᠲᠤᠮᠤ ᠡᠷᠤᠬᠡ ᠨᠢ1968 ᠡᠷᠤᠬᠡ᠃      ᠬᠤᠶᠠᠷ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠪᠠᠶᠢᠳᠠᠯ ᠠᠴᠠ ᠦᠵᠡᠪᠡᠯ᠂ ᠪᠦᠬᠦ ᠰᠢᠶᠠᠨ ᠳᠤ ᠡᠯ᠎ᠡ ᠲᠦᠷᠦᠯ ᠤᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠵᠤᠬᠢᠶᠠᠨ ᠪᠠᠶᠢᠭᠤᠯᠤᠯᠳᠠ1001  ᠬᠡᠷ᠂ ᠡᠬᠦᠨ ᠳᠤ ᠤᠯᠤᠰ ᠤᠨ ᠲᠡᠰ ᠤᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠵᠢᠱᠢᠶ᠎ᠠ ᠦᠵᠡᠬᠦᠯᠬᠦ ᠬᠤᠷᠰᠢᠶ᠎ᠠ 6 ᠬᠡᠷ᠂ ᠤᠷᠤᠨ ᠤ ᠲᠡᠰ ᠤᠨ ᠵᠢᠱᠢᠶ᠎ᠠ ᠦᠵᠡᠬᠦᠯᠬᠦ ᠬᠤᠷᠰᠢᠶ᠎ᠠ 9 ᠬᠡᠷ᠂ ᠬᠤᠳᠠ ᠶᠢᠨ ᠲᠠᠰ ᠤᠨ ᠵᠢᠱᠢᠶ᠎ᠠ ᠦᠵᠡᠬᠦᠯᠬᠦ ᠬᠤᠷᠰᠢᠶ᠎ᠠ 22 ᠬᠡᠷ  ᠂ ᠲᠠᠷᠢᠵᠦ ᠤᠷᠭᠤᠭᠤᠯᠬᠤ᠂ ᠲᠡᠵᠢᠬᠡᠨ ᠦᠷᠡᠵᠢᠬᠦᠯᠬᠦ ᠵᠢᠴᠢ ᠲᠠᠷᠢᠶᠠᠯᠠᠩ ᠤᠨ ᠵᠠᠪᠰᠠᠷ ᠪᠦᠳᠤᠭᠡᠭᠳᠡᠬᠦᠨ ᠢ ᠪᠤᠯᠪᠠᠰᠤᠷᠠᠭᠤᠯᠬᠤ ᠵᠡᠷᠬᠡ ᠤᠯᠠᠨ ᠡᠵᠡᠮᠰᠢᠯ ᠤᠨ ᠬᠦᠷᠢᠶᠠᠨ ᠳᠤ ᠬᠤᠯᠪᠤᠭᠳᠠᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠭᠤᠤᠯᠯᠠᠭᠴᠢ ᠪᠠ ᠦᠪᠡᠷᠮᠢᠴᠡ ᠤᠨᠴᠠᠯᠢᠭ ᠲᠠᠢ ᠠᠵᠦ ᠤᠶᠢᠯᠡᠰ ᠤᠨ ᠲᠤᠰᠬᠠᠢ ᠬᠤᠷᠰᠢᠶ᠎ᠠ ᠶᠢᠨ ᠵᠤᠬᠢᠶᠠᠨ ᠪᠠᠶᠢᠭᠤᠯᠤᠯᠳᠠ ᠶᠢᠨ ᠰᠦᠯᠵᠢᠶ᠎ᠠ ᠶᠢ  ᠲᠤᠤᠷᠯᠠᠨ ᠪᠦᠷᠬᠦᠬᠡᠵᠠᠢ᠃      ᠭᠤᠷᠪᠠ᠂ ᠬᠡᠷ ᠪᠦᠯᠢ ᠶᠢᠨ ᠮᠠᠯ ᠲᠠᠷᠢᠶᠠᠯᠠᠩ ᠤᠨ ᠲᠠᠯᠠᠪᠠᠢ ᠠᠴᠠ ᠦᠵᠡᠪᠡᠯ᠂ ᠤᠳᠤ ᠪᠤᠯᠳᠠᠯ᠎ᠠ ᠪᠦᠬᠦ ᠰᠢᠶᠠᠨ  ᠳᠤ ᠬᠡᠷ ᠪᠦᠯᠢ ᠶᠢᠨ ᠮᠠᠯ ᠲᠠᠷᠢᠶᠠᠯᠠᠩ ᠤᠨ ᠲᠠᠯᠠᠪᠠᠢ ᠨᠠᠶᠢᠳᠡ103 ᠪᠠᠶᠢᠨ᠎ᠠ᠂ ᠡᠬᠦᠨ ᠳᠤ ᠤᠷᠤᠨ ᠤ  ᠲᠡᠰ ᠤᠨ ᠵᠢᠱᠢᠶ᠎ᠠ ᠦᠵᠡᠬᠦᠯᠬᠦ ᠬᠡᠷ ᠪᠦᠯᠢ ᠶᠢᠨ ᠮᠠᠯ ᠲᠠᠷᠢᠶᠠᠯᠠᠩ ᠤᠨ ᠲᠠᠯᠠᠪᠠᠢ 3 ᠪᠠᠶᠢᠨ᠎ᠠ᠃      ᠲᠦᠷᠪᠡ᠂ ᠲᠠᠷᠢᠶᠠᠯᠠᠩ ᠮᠠᠯ ᠠᠵᠦ ᠠᠬᠤᠢ ᠪᠠᠷ ᠤᠶᠢᠯᠡᠰᠴᠢᠯᠡᠭᠰᠡᠨ ᠲᠤᠯᠤᠭᠠᠶᠢᠯᠠᠭᠴᠢ ᠠᠵᠦ ᠠᠬᠤᠶᠢᠯᠠᠯ ᠤᠨ ᠪᠤᠳᠠᠳᠤ ᠬᠦᠴᠦᠨ ᠢ ᠲᠠᠰᠤᠷᠠᠯᠳᠠ  ᠦᠬᠡᠢ ᠲᠠᠭᠡᠭᠰᠢᠯᠠᠬᠦᠯᠠᠵᠠᠢ᠃ ᠪᠦᠬᠦ ᠰᠢᠶᠠᠨ ᠳᠤ ᠪᠤᠷᠤᠯᠠᠭᠤᠯᠤᠭᠰᠠᠨ ᠤᠷᠤᠯᠭ᠎ᠠ  ᠨᠢ 500 ᠲᠦᠮᠡᠨ ᠲᠦᠷᠬᠦᠷᠢᠭ ᠢ ᠲᠠᠪᠠᠭᠰᠠᠨ ᠲᠠᠷᠢᠶᠠᠯᠠᠩ ᠮᠠᠯ ᠠᠵᠦ ᠠᠬᠤᠢ ᠶᠢᠨ ᠪᠤᠯᠪᠠᠰᠤᠷᠠᠭᠤᠯᠤᠯᠳᠠ᠂  ᠬᠦᠢᠯᠬᠡᠬᠡ᠂ ᠲᠠᠷᠢᠵᠦ ᠤᠷᠭᠤᠭᠤᠯᠬᠤ  ᠂ ᠲᠡᠵᠢᠬᠡᠨ ᠦᠷᠡᠵᠢᠬᠦᠯᠬᠦ ᠠᠵᠦ ᠠᠬᠤᠶᠢᠯᠠᠯ 31 ᠬᠡᠷ  ᠃ ᠲᠠᠷᠢᠶᠠᠯᠠᠩ ᠮᠠᠯ ᠠᠵᠦ ᠠᠬᠤᠢ ᠶᠢᠨ ᠲᠤᠯᠤᠭᠠᠶᠢᠯᠠᠭᠴᠢ ᠠᠵᠦ ᠠᠬᠤᠶᠢᠯᠠᠯ 17 ᠬᠡᠷ  ᠲᠤᠳᠤᠷᠠᠵᠠᠦ᠂ ᠡᠬᠦᠨ ᠳᠤ ᠤᠷᠤᠨ ᠤ ᠲᠠᠰ ᠤᠨ ᠲᠤᠯᠤᠭᠠᠶᠢᠯᠠᠭᠴᠢ ᠠᠵᠦ ᠠᠬᠤᠶᠢᠯᠠᠯ 5 ᠬᠡᠷ᠂ ᠬᠤᠳᠠ ᠶᠢᠨ ᠲᠠᠰ ᠤᠨ ᠲᠤᠯᠤᠭᠠᠶᠢᠯᠠᠭᠴᠢ ᠠᠵᠦ ᠠᠬᠤᠶᠢᠯᠠᠯ12 ᠬᠡᠷ  ᠃      ᠰᠡᠬᠦᠯ ᠭᠤᠶᠠᠳᠠᠨ ᠴᠤᠯᠬᠢᠬᠤ ᠵᠢᠭᠠᠰᠤᠨ ᠳᠤ ᠨᠠᠯᠤᠭᠡᠷ ᠲᠠᠯᠠᠢ ᠰᠠᠶᠢᠬᠠᠨ᠂ ᠵᠢᠬᠦᠷ ᠲᠡᠯᠬᠡᠨ ᠨᠢᠰᠬᠦ ᠰᠢᠪᠠᠭᠤᠤᠨ  ᠲᠤ ᠦᠨᠳᠤᠷ ᠤᠭᠳᠠᠷᠭᠤᠢ ᠰᠠᠶᠢᠬᠠᠨ᠂  ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭᠠᠨ ᠤ ᠵᠠᠮᠴᠢᠯᠠᠯ ᠲᠤᠤᠷ᠎ᠠ᠂ ᠬᠦᠳᠡᠭᠡ ᠲᠤᠰᠬᠤᠨ ᠢ  ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠤᠭ᠎ᠠ ᠰᠦᠷᠯᠢᠭ ᠠᠶᠠᠯᠠᠯ ᠤᠨ ᠵᠡᠮ ᠳᠤ ᠯᠢᠨᠰᠢ ᠰᠢᠶᠠᠨ ᠤ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ ᠨᠢ ᠠᠯᠬᠤᠮ ᠠᠯᠬᠤᠮ ᠢᠶᠠᠷ ᠠᠮᠢᠵᠢᠷᠠᠯ ᠤᠨ ᠭᠦᠴᠦᠨ ᠢᠶᠠᠨ  ᠲᠡᠯᠬᠡᠨ ᠪᠠᠳᠠᠷᠠᠭᠤᠯᠵᠦ ᠪᠠᠶᠢᠨ᠎ᠠ᠃  
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号