ᠰᠢᠶᠠᠨ ᠤ ᠵᠠᠰᠠᠭ ᠤᠨ ᠤᠷᠳᠤᠨ ᠤ ᠨᠢᠬᠡᠳᠤᠯᠳᠠᠢ ᠪᠠᠶᠢᠷᠢᠯᠠᠭᠤᠯᠤᠯᠳᠠ ᠶᠢ ᠦᠨᠳᠤᠰᠤᠯᠡᠨ ᠯᠢᠨᠰᠢ ᠰᠢᠶᠠᠨ | ᠤ2018 ᠤᠨ ᠤ ᠤᠯᠠᠨ ᠨᠡᠶᠢᠳᠡ ᠶᠢᠨ ᠲᠦᠷᠢᠶᠡᠰᠦᠯᠡᠯ ᠤᠨ ᠬᠡᠷ ᠪᠠᠶᠢᠰᠢᠩ ᠢ ᠬᠤᠪᠢᠶᠠᠷᠠᠯᠠᠬᠤ ᠶᠡᠭᠡ ᠬᠤᠷᠠᠯ ᠨᠢ | 9 ᠰᠠᠷ᠎ᠠ ᠶᠢᠨ 21 ᠤ ᠡᠳᠤᠷ ᠤᠨ ᠦᠳᠡ ᠶᠢᠨ ᠡᠮᠤᠨ᠎ᠡ 9 ᠴᠠᠭ ᠲᠤ ᠬᠤᠷᠠᠯ ᠦᠵᠡᠬᠦᠯᠤᠯᠬᠡ ᠶᠢᠨ ᠲᠦᠪ ᠲᠤ | ᠶᠠᠪᠤᠭᠳᠠᠵᠦ᠂ ᠢᠯᠡ ᠪᠠᠷ ᠰᠢᠪᠠᠭ᠎ᠠ ᠰᠤᠭᠤᠯᠬᠤ ᠠᠷᠭ᠎ᠠ ᠮᠠᠶ᠋ᠢᠭ ᠢᠶᠠᠷ 133 ᠢᠵᠢ ᠤᠯᠠᠨ ᠨᠡᠶᠢᠳᠡ ᠶᠢᠨ | ᠲᠦᠷᠢᠶᠡᠰᠦᠯᠡᠯ ᠤᠨ ᠬᠡᠷ ᠪᠡᠶᠢᠰᠢᠩ ᠤᠨ ᠲᠦᠷᠢᠶᠡᠰᠦᠯᠡᠭᠴᠢ ᠡᠳᠡᠭᠡᠳ ᠢ ᠰᠤᠩᠭᠤᠨ ᠲᠤᠭᠳᠠᠭᠠᠪᠠ᠃ | ᠬᠤᠷᠠᠯ ᠳᠤ ᠠᠯᠪᠠᠨ ᠬᠡᠷᠡᠴᠢᠯᠡᠭᠡ ᠶᠢᠨ ᠭᠠᠵᠠᠷ ᠤᠨ ᠠᠵᠢᠯᠳᠠᠨ᠂ ᠰᠢᠶᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠲᠦᠯᠦᠬᠡᠯᠡᠭᠴᠢ᠂ ᠰᠢᠶᠠᠨ ᠤ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠵᠠᠰᠠᠭ ᠤᠨ | ᠤᠷᠳᠤᠨ ᠤ ᠠᠯᠪᠠᠨ ᠬᠡᠷ᠂ ᠤᠷᠤᠨ ᠰᠠᠭᠤᠴᠠ ᠪᠠ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠠᠷᠠᠳ ᠤᠨ | ᠶᠠᠪᠤᠳᠠᠯ ᠤᠨ ᠲᠤᠪᠴᠢᠶ᠎ᠠ᠂ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠤᠨ ᠲᠦᠯᠦᠬᠡᠯᠡᠭᠴᠢ ᠪᠠ ᠤᠯᠠᠨ ᠨᠡᠶᠢᠳᠡ | ᠶᠢᠨ ᠲᠦᠷᠢᠶᠡᠰᠦᠯᠠᠯ ᠤᠨ ᠬᠡᠷ ᠪᠡᠶᠢᠰᠢᠩ ᠢ ᠭᠤᠶᠤᠴᠢᠯᠠᠭᠴᠢᠳ ᠤᠨ ᠲᠦᠯᠦᠬᠡᠯᠡᠭᠴᠢ ᠠᠴᠠ ᠰᠢᠪᠠᠭ᠎ᠠ ᠰᠤᠭᠤᠯᠬᠤ | ᠪᠦᠬᠦ ᠦᠩᠭᠡᠷᠡᠯᠳᠡ ᠳᠤ ᠲᠤᠬᠠᠢ ᠶᠢᠨ ᠭᠠᠵᠠᠷ ᠲᠤᠨᠢ ᠬᠢᠨᠠᠯᠳᠠ ᠲᠠᠯᠪᠢᠪᠠ᠃ ︽ᠯᠢᠨᠰᠢ ᠰᠢᠶᠠᠨ ᠤ 2018 ᠤᠨ | ᠤ ᠤᠯᠠᠨ ᠨᠡᠶᠢᠳᠡ ᠶᠢᠨ ᠲᠦᠷᠢᠶᠡᠰᠤᠯᠡᠯ ᠤᠨ ᠬᠡᠷ ᠪᠡᠶᠢᠰᠢᠩ ᠢ ᠬᠤᠪᠢᠶᠠᠷᠠᠯᠠᠬᠤ ᠪᠠ ᠬᠠᠮᠢᠶᠠᠷᠤᠯᠳᠠ ᠶᠢ | ᠬᠡᠷᠡᠭᠵᠢᠬᠦᠯᠬᠦ ᠲᠦᠷᠢᠮ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠤᠰᠤᠯᠡᠨ ᠶᠠᠪᠤᠴᠠ ᠨᠢ ᠵᠤᠬᠢᠰᠳᠠᠢ᠂ | ᠬᠢᠨᠠᠯᠳᠠ ᠨᠢ ᠴᠢᠩᠭ᠎ᠠ᠂ ᠦᠨᠳᠤᠷ ᠪᠦᠳᠤᠮᠵᠢᠳᠠᠢ ᠠᠷᠠᠳ ᠲᠤ ᠲᠦᠬᠦᠮ ᠦᠵᠡᠬᠦᠯᠬᠦ ᠰᠡᠳᠬᠢᠮᠵᠢ ᠶᠢ ᠪᠠᠷᠢᠮᠳᠠᠯᠠᠵᠦ᠂ | ︵ᠢᠯᠡ ᠪᠤᠯᠭᠠᠬᠤ᠂ ᠡᠷᠭᠡ ᠲᠡᠭᠰᠢ᠂ ᠲᠦᠪ ᠭᠤᠤᠯᠴᠢ︶ ᠵᠠᠷᠴᠢᠮ ᠶᠢᠨ ᠶᠤᠰᠤᠭᠠᠷ ᠰᠢᠪᠠᠭ᠎ᠠ ᠰᠤᠭᠤᠯᠤᠭᠴᠢ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠵᠤᠷᠢᠭ ᠰᠠᠨᠠᠭ᠎ᠠ ᠵᠢᠴᠢ ᠬᠤᠯᠪᠤᠭᠳᠠᠯ ᠪᠦᠬᠦᠢ ᠠᠵᠢᠯ ᠤᠨ ᠵᠢᠷᠤᠮ ᠶᠢ ᠡᠷᠡᠰ | ᠴᠢᠩᠭ᠎ᠠ ᠪᠠᠷᠢᠮᠳᠠᠯᠠᠵᠦ᠂ ᠪᠦᠯᠦᠭ ᠬᠤᠪᠢᠶᠠᠨ ᠬᠡᠷ ᠤᠨ ᠨᠤᠮᠧᠷ ᠰᠤᠭᠤᠯᠤᠭᠰᠠᠨ ᠲᠠᠷᠤᠢ ᠳᠤᠨᠢ ᠬᠤᠷᠠᠯ ᠤᠨ | ᠠᠵᠢᠯᠳᠠᠨ ᠳᠤ ᠮᠠᠳᠡᠭᠳᠡᠵᠦ᠂ ᠬᠤᠷᠠᠯ ᠤᠨ ᠠᠵᠢᠯᠳᠠᠨ ᠠᠴᠠ ᠲᠤᠬᠠᠢ ᠶᠢᠨ ᠭᠠᠵᠠᠷ ᠲᠤ ᠰᠢᠪᠠᠭ᠎ᠠ ᠰᠤᠭᠤᠯᠤᠭᠰᠠᠨ | ᠳ᠋ᠦᠩᠨᠡᠯᠳᠡ ᠶᠢ ᠨᠡᠶᠢᠳᠡᠯᠡᠵᠦ᠂ ᠰᠢᠪᠠᠭ᠎ᠠ ᠤᠨᠤᠭᠳᠠᠭᠴᠢ ᠠᠴᠠ ᠲᠤᠰ ᠡᠳᠤᠷ ᠲᠡᠭᠡᠨ ᠬᠡᠷ ᠬᠦᠷᠦᠩᠭᠡ ᠶᠢᠨ | ᠬᠠᠮᠢᠶᠠᠷᠤᠯᠳᠠ ᠶᠢᠨ ᠲᠤᠪᠴᠢᠶ᠎ᠠ ᠠᠴᠠ ᠰᠢᠪᠠᠭ᠎ᠠ ᠤᠨᠤᠭᠳᠠᠭᠰᠠᠨ ᠮᠡᠳᠡᠭᠳᠡᠯ ᠤᠨ ᠬᠠᠭᠤᠳᠠᠰᠦ ᠭᠠᠷᠳᠠᠨ ᠠᠪᠬᠤ ᠶᠢᠨ | ᠵᠡᠷᠭᠡ ᠪᠠᠷ ᠰᠢᠨ᠎ᠡ ᠬᠡᠷ ᠲᠡᠭᠡᠨ ᠨᠡᠬᠦᠬᠦ ᠬᠤᠯᠪᠤᠭᠳᠠᠯ ᠪᠦᠬᠦᠢ ᠭᠠᠷ ᠬᠦᠢᠴᠡᠳᠭᠡᠯ ᠢᠶᠠᠨ ᠪᠠᠶᠡᠯᠡᠬᠦᠯᠦᠨ᠎ᠡ᠃ | |