ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ︽ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2019-10-11
       ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠶᠢᠨ ᠲᠥᠯᠥᠭᠡ᠂ 9 ᠰᠠᠷ᠎ᠠ ᠶᠢᠨ 29᠎ ᠤ ᠡᠳᠦᠷ᠂ ᠤᠰᠤᠨ ᠠᠰᠢᠭᠯᠠᠯᠲᠠ ᠶᠢᠨ ᠲᠣᠪᠴᠢᠶ᠎ᠠ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ︽ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠥᠷᠨᠢᠭᠦᠯᠪᠡ᠃
      ᠲᠣᠪᠴᠢᠶ᠎ᠠ ᠶᠢᠨ ᠨᠠᠮ ᠤᠨ ᠬᠤᠷᠢᠶ᠎ᠠ ᠡᠩ ᠲᠡᠷᠢᠭᠦᠨ ᠳᠤ ᠭᠤᠤᠯ ᠰᠡᠳᠦᠪᠲᠦ ᠬᠥᠮᠦᠵᠢᠯ ᠤᠨ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠬᠦ ᠬᠤᠷᠠᠯ ᠬᠤᠷᠠᠯᠳᠤᠭᠤᠯᠵᠤ᠂ ᠲᠣᠪᠴᠢᠶ᠎ᠠ ᠶᠢᠨ ᠤᠳᠤᠷᠢᠳᠬᠤ ᠪᠠᠭ ᠪᠣᠯᠤᠨ ᠡᠯ᠎ᠡ ᠨᠠᠮ ᠤᠨ ᠡᠭᠦᠷ ᠤᠨ ᠱᠦᠵᠢ᠂ ᠭᠡᠰᠢᠭᠦᠳ ᠲᠣᠰ ᠲᠣᠰ ᠤᠰᠤᠨ ᠠᠰᠢᠭᠯᠠᠯᠲᠠ ᠶᠢᠨ ᠠᠩᠭᠢ ᠶᠢᠨ ᠨᠠᠮ ᠤᠨ ᠡᠭᠦᠷ᠂ ᠤᠰᠤᠨ ᠬᠠᠮᠠᠭᠠᠯᠠᠯᠲᠠ ᠶᠢᠨ ᠨᠠᠮ ᠤᠨ ᠡᠭᠦᠷ᠂ ᠳ᠋ᠦᠩ ᠲᠠᠶᠢᠽᠢ ᠤᠰᠤᠨ ᠴᠥᠭᠦᠷᠥᠮ ᠤᠨ ᠨᠠᠮ ᠤᠨ ᠡᠭᠦᠷ ᠵᠡᠷᠭᠡ ᠲᠠᠪᠤᠨ ᠲᠣᠪᠴᠢᠶ᠎ᠠ ᠶᠢᠨ ᠬᠠᠷᠢᠶ᠎ᠠ ᠨᠠᠮ ᠤᠨ ᠡᠭᠦᠷ ᠲᠤ ᠬᠠᠷᠢᠯᠴᠠᠨ ᠦᠨᠡᠯᠡᠯᠲᠡ ᠬᠢᠪᠡ︔ ᠲᠡᠷᠢᠭᠦᠨ ᠤ ᠨᠠᠮ ᠤᠨ ᠡᠭᠦᠷ ᠤᠨ ᠲᠥᠯᠥᠭᠡᠯᠡᠭᠴᠢ ︽ᠰᠤᠷᠤᠯᠴᠠᠬᠤ ᠬᠡᠯᠪᠡᠷᠢ ᠶᠢᠨ ᠨᠠᠮ ᠤᠨ ᠡᠭᠦᠷ ᠤᠨ ᠪᠠᠶᠢᠭᠤᠯᠤᠯᠲᠠ ᠶᠢᠨ ᠪᠠᠶᠢᠳᠠᠯ︾ ᠪᠣᠯᠤᠨ ︽ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠥᠷᠨᠢᠭᠦᠯᠦᠭᠰᠡᠨ ᠪᠠᠶᠢᠳᠠᠯ︾᠎ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃       ᠬᠤᠷᠠᠯ ᠠᠴᠠ ᠲᠠᠷᠠᠭ᠎ᠠ᠂ ᠪᠦᠬᠦ ᠨᠠᠮ ᠤᠨ ᠭᠡᠰᠢᠭᠦᠳ ᠯᠢᠨᠰᠢ ᠰᠢᠶᠠᠨ ᠤ ᠢᠷᠠᠭᠤ ᠠᠯᠳᠠᠷ ᠤᠨ ᠬᠦᠷᠢᠶᠡᠯᠡᠩ ᠤᠨ ᠬᠤᠪᠢᠰᠬᠠᠯ ᠤᠨ ᠬᠥᠮᠦᠵᠢᠯ ᠤᠨ ᠰᠠᠭᠤᠷᠢᠨ ᠳᠤ ᠬᠦᠷᠴᠦ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠥᠷᠨᠢᠭᠦᠯᠪᠡ᠃ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠡᠤ ᠰᠢᠶᠠᠨ ᠮᠢᠨ ᠣᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠬᠢᠭᠰᠡᠨ ᠪᠥᠭᠡᠳ ᠨᠠᠮ ᠤᠨ ᠳᠦᠷᠢᠮ ᠢ ᠬᠠᠮᠳᠤᠪᠠᠷ ᠰᠤᠷᠤᠯᠴᠠᠪᠠ᠃
      ᠬᠠᠮᠤᠭ ᠰᠡᠭᠦᠯ ᠳᠤ ᠲᠣᠪᠴᠢᠶ᠎ᠠ ᠶᠢᠨ ᠤᠳᠤᠷᠢᠳᠬᠤ ᠪᠠᠭ ᠤᠨ ᠬᠡᠰᠢᠬᠦᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢ ᠲᠥᠯᠥᠭᠡᠯᠡᠨ ᠱᠡᠬᠡᠷᠳᠦ ᠰᠢᠶᠠᠩ ᠤᠨ ᠰᠢ ᠱᠠᠨ ᠭᠧᠨ ᠲᠣᠰᠬᠤᠨ ᠳᠤ ᠬᠦᠷᠴᠦ ᠶᠠᠳᠠᠭᠤ ᠬᠦᠴᠢᠷᠳᠡᠯᠲᠡᠶ ᠠᠬᠠᠮᠠᠳ ᠨᠠᠮ ᠤᠨ ᠭᠡᠰᠢᠭᠦᠨ ᠪᠣᠯᠤᠨ ᠣᠯᠠᠨ ᠲᠦᠮᠡᠨ ᠢ ᠪᠤᠯᠭᠤᠭᠠᠨ ᠲᠣᠬᠤᠨᠢᠭᠤᠯᠵᠤ᠂ ᠲᠡᠳᠡᠨᠠᠷ ᠲᠤ ᠪᠠᠶᠠᠷ ᠤᠨ ᠡᠳᠦᠷ ᠤᠨ ᠵᠥᠩᠨᠡᠯ ᠲᠡᠪᠰᠢᠬᠦᠯᠪᠡ᠃ ᠡᠤ ᠰᠢᠶᠠᠨ ᠮᠢᠨ ᠲᠣᠪᠴᠢᠶᠠᠨ ᠳᠠᠷᠤᠭ᠎ᠠ ᠠᠴᠠ ᠬᠦᠴᠢᠷᠳᠡᠯᠲᠡᠶ ᠨᠠᠮ ᠤᠨ ᠭᠡᠰᠢᠭᠦᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠲᠡᠳᠡᠨ ᠢ ᠪᠠᠶᠠᠰᠤᠩᠭᠤᠶ ᠵᠣᠷᠢᠭ ᠰᠠᠨᠠᠭ᠎ᠠ ᠲᠠᠢ ᠪᠠᠶᠢᠵᠤ᠂ ᠪᠡᠶ᠎ᠡ ᠮᠠᠬᠠᠪᠣᠳ ᠤᠨ ᠡᠷᠡᠬᠦᠯ ᠴᠢᠬᠢᠷᠠᠭ ᠢᠶᠠᠨ ᠰᠠᠶᠢᠲᠤᠷ ᠠᠩᠬᠠᠷᠤᠨ ᠬᠠᠷᠠᠭᠠᠯᠵᠠᠭᠠᠷᠠᠶ᠂ ᠨᠠᠮ ᠠᠴᠠ ᠴᠠᠭ ᠢᠮᠠᠭᠲᠠ ᠲᠡᠳᠡᠨ ᠢ ᠳᠤᠷᠠᠰᠤᠨ ᠰᠠᠨᠠᠭᠠᠯᠵᠠᠬᠤ ᠶᠢᠨ ᠬᠠᠮᠲᠤ ᠲᠣᠰᠬᠤᠨ ᠳᠤ ᠰᠠᠭᠤᠭ᠎ᠠ ᠠᠵᠢᠯᠲᠠᠳ ᠲᠤ ᠴᠠᠭ ᠢᠮᠠᠭᠲᠠ ᠲᠡᠳᠡᠨ ᠢ ᠣᠶᠢᠯᠠᠭᠠᠵᠤ᠂ ᠴᠢᠳᠠᠬᠤ ᠶᠢᠨ ᠬᠢᠷᠢ ᠪᠠᠷ ᠲᠡᠳᠡᠨ ᠤ ᠬᠦᠴᠢᠷ ᠵᠣᠪᠠᠯᠠᠩ ᠢ ᠨᠢ ᠰᠡᠢᠳᠪᠦᠷᠢᠯᠡᠵᠤ ᠥᠭᠬᠦ ᠬᠡᠷᠡᠭᠲᠡᠶ ᠭᠡᠵᠦ ᠵᠠᠬᠢᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号