ᠡᠬᠡ ᠤᠯᠤᠰ ᠤᠨ 70 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢᠨ ᠬᠤᠭᠤᠴᠠᠭᠠᠨ ᠳᠠᠬᠢ ᠨᠡᠶᠢᠬᠡᠮ ᠤᠨ | ᠡᠯ᠎ᠡ ᠲᠠᠯ᠎ᠠ ᠶᠢᠨ ᠬᠢᠨ ᠤ ᠠᠮᠤᠷ ᠲᠦᠪᠰᠢᠨ ᠲᠣᠭᠲᠠᠭᠤᠨ ᠢ ᠪᠠᠲᠤᠯᠠᠬᠤ ᠶᠢᠨ ᠲᠥᠯᠥᠭᠡ᠂ ᠦᠢᠷ᠎ᠠ ᠳᠤ᠂ ᠭᠤᠸᠠᠨᠳᠢ | ᠪᠠᠯᠭᠠᠰᠤ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠵᠠᠢ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂ ᠪᠦᠬᠦ ᠪᠠᠯᠭᠠᠰᠤᠨ ᠤ ᠺᠠᠳ᠋ᠷ | ᠵᠡᠷᠭᠡ 70 ᠭᠠᠷᠤᠶ ᠬᠥᠮᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠠᠩ ᠸᠧᠶ ᠲᠡᠷᠢᠭᠦᠯᠡᠭᠴᠢ ᠤᠯᠤᠰ | ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ | ᠨᠢᠭᠡ ᠵᠦᠢᠯ ᠤᠨ ᠤᠯᠤᠰ ᠲᠥᠷᠦ ᠶᠢᠨ ᠡᠭᠦᠷᠭᠡ ᠮᠥᠨ᠂ ᠪᠢᠳᠡ ᠲᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ | ᠲᠡᠷᠡᠴᠢᠯᠡᠨ ᠡᠯ᠎ᠡ ᠲᠣᠰᠬᠤᠨ ᠤ ᠬᠠᠷᠢᠶ᠎ᠠ ᠣᠷᠣᠨ ᠤ ᠳᠣᠲᠣᠷᠠᠬᠢ ᠭᠤᠤᠯᠳᠠᠯᠭ᠎ᠠ ᠲᠠᠢ ᠬᠥᠮᠦᠰ ᠪᠣᠯᠤᠨ ᠡᠯ᠎ᠡ | ᠲᠥᠷᠥᠯ ᠤᠨ ᠬᠡᠮ ᠰᠣᠭᠤᠭ ᠢ ᠨᠠᠷᠢᠨ ᠨᠢᠭᠲᠠ ᠪᠠᠶᠢᠴᠠᠭᠠᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ | ᠠᠵᠢᠯᠲᠠᠨ ᠠᠶᠤᠯ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠠᠩᠬᠠᠷᠴᠤ᠂ ᠰᠡᠷᠬᠡᠶᠢᠯᠡᠨ ᠠᠷᠢᠯᠭᠠᠬᠤ ᠪᠠ | ᠴᠣᠬᠢᠯᠲᠠ ᠥᠭᠬᠦ ᠠᠵᠢᠯ ᠢ ᠢᠳᠡᠪᠬᠢᠲᠡᠢ ᠥᠷᠨᠢᠭᠦᠯᠵᠦ᠂ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ | ᠪᠡᠯᠭᠡᠯᠡᠬᠦ ᠠᠵᠢᠯᠯᠠᠭ᠎ᠠ ᠶᠢᠨ ᠬᠤᠭᠤᠴᠠᠭᠠᠨ ᠳᠤ ᠮᠠᠨ ᠤ ᠪᠠᠯᠭᠠᠰᠤᠨ ᠤ ᠨᠡᠶᠢᠬᠡᠮ ᠤᠨ ᠡᠶ᠎ᠡ ᠵᠣᠬᠢᠴᠠᠩᠭᠤᠶ ᠲᠣᠭᠲᠠᠭᠤᠨ | ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠰᠢᠶᠣᠤ ᠴᠢᠶᠠᠩ ᠬᠤᠷᠠᠯ ᠤᠨ ᠳ᠋ᠦᠩᠨᠡᠯᠲᠡ ᠬᠢᠵᠦ᠂ ᠡᠯ᠎ᠡ | ᠲᠤᠰᠬᠤᠨ ᠨᠢ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠲᠣᠭᠲᠠᠭᠤᠨ ᠢ ᠡᠵᠡᠮᠰᠢᠨ ᠨᠠᠮᠳᠠᠭᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠯᠢᠪᠠ ᠳᠤᠲᠠᠭᠳᠠᠯ ᠢ ᠦᠳᠲᠡᠷ ᠲᠦᠷᠭᠡᠨ ᠨᠦᠬᠦᠪᠦᠷᠢᠯᠡᠵᠤ᠂ ᠠᠯᠢᠪᠠ ᠬᠡᠮ | ᠰᠣᠭᠤᠭ ᠢ ᠠᠷᠢᠯᠭᠠᠵᠤ᠂ ᠠᠵᠢᠯ ᠢᠶᠠᠨ ᠰᠠᠶᠢᠨ ᠬᠢᠭᠰᠡᠨ ᠦᠭᠡᠢ ᠠᠴᠠ ᠪᠣᠯᠵᠤ ᠴᠢᠬᠤᠯᠠ ᠶᠡᠭᠡ ᠲᠣᠭᠲᠠᠭᠤᠨ ᠪᠤᠰᠤ | ᠠᠰᠠᠭᠤᠳᠠᠯ ᠭᠠᠷᠤᠭᠰᠠᠨ ᠪᠠᠶᠢᠪᠠᠯ᠂ ᠬᠤᠯᠪᠣᠭᠳᠠᠯ ᠪᠦᠬᠦᠢ ᠬᠥᠮᠦᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠶ ᠭᠡᠵᠦ ᠱᠠᠭᠠᠷᠳᠠᠪᠠ᠃ | |