ᠴᠧᠩ ᠨᠠᠨ ᠵᠡᠭᠡᠯᠢ ᠭᠤᠳᠤᠮᠵᠢ 2020 ᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-14
        2020 ᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠠᠵᠢᠯ ᠢ ᠦᠨᠡᠩᠬᠦ ᠰᠠᠶᠢᠲᠤᠷ ᠬᠢᠬᠦ ᠶᠢᠨ ᠲᠥᠯᠥᠭᠡ᠂ ᠤᠷᠴᠢᠮ ᠳᠤ᠂ ᠴᠧᠩ ᠨᠠᠨ ᠵᠡᠭᠡᠯᠢ ᠭᠤᠳᠤᠮᠵᠢ 2020 ᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠠᠵᠢᠯ ᠤᠨ ᠬᠤᠷᠠᠯ ᠬᠤᠷᠠᠯᠳᠤᠭᠤᠯᠪᠠ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢ ᡁᠢ ᠬᠤᠸᠠ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠯᠢ ᠴᠢᠩ ᠬᠤᠸᠠ᠂ ᠡᠯ᠎ᠡ ᠨᠡᠶᠢᠭᠡᠮ ᠲᠣᠭᠤᠷᠢᠭ ︵ᠲᠣᠰᠬᠤᠨ︶᠎ ᠤᠨ ᠱᠦᠵᠢ᠂ ᠡᠷᠬᠢᠯᠡᠭᠴᠢ᠂ ᠡᠮ ᠡᠮᠨᠡᠯᠭᠡ ᠶᠢᠨ ᠳᠠᠭᠠᠳᠬᠠᠯ᠂  ᠨᠡᠶᠢᠬᠡᠮ ᠤᠨ ᠳᠠᠭᠠᠳᠬᠠᠯ ᠤᠨ ᠠᠵᠢᠯᠲᠠᠨ ᠬᠤᠷᠠᠯ ᠳᠤ ᠤᠷᠤᠯᠴᠠᠵᠠᠢ᠃        ᠬᠤᠷᠠᠯ ᠳᠤ ︽ᠯᠢᠨᠰᠢ ᠰᠢᠶᠠᠨ ᠤ 2020 ᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠠᠵᠢᠯ ᠤᠨ ᠲᠥᠰᠦᠯ︾᠎ ᠢ ᠤᠯᠠᠮᠵᠢᠯᠠᠪᠠ᠂ ᠬᠤᠷᠠᠯ ᠠᠴᠠ᠂ ᠲᠣᠰ ᠤᠳᠠᠭ᠎ᠠ ᠶᠢᠨ ᠰᠦᠢᠳᠬᠡᠯ ᠲᠤᠰᠢᠶᠠᠬᠤ ᠬᠥᠮᠦᠰ ᠤᠨ ᠰᠠᠭᠤᠷᠢ ᠲᠤᠭ᠎ᠠ ᠨᠡᠯᠢᠶᠡᠳ ᠶᠡᠭᠡ᠂ ᠪᠠᠶᠢᠳᠠᠯ ᠪᠤᠳᠤᠯᠢᠶᠠᠨᠲᠠᠶ᠂ ᠴᠠᠭ ᠪᠠᠴᠢᠮ᠂ ᠡᠭᠦᠷᠭᠡ ᠬᠦᠨᠳᠦ᠂  ᠪᠦᠬᠦ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠤᠷᠤᠭᠰᠢᠳᠠᠢ ᠶᠠᠪᠤᠭᠳᠠᠵᠤ ᠲᠡᠶᠢᠯᠬᠦ ᠡᠰᠡᠬᠦ ᠲᠠᠢ ᠬᠤᠯᠪᠤᠭᠳᠠᠵᠤ ᠪᠠᠶᠢᠨ᠎ᠠ ᠬᠡᠵᠤ ᠵᠢᠭᠠᠵᠤ ᠭᠠᠷᠭᠠᠪᠠ᠃        ᠬᠤᠷᠠᠯ ᠠᠴᠠ᠂ ᠨᠢᠭᠡ ᠳᠤ᠂ ᠰᠦᠢᠳᠬᠡᠯ ᠲᠤᠰᠢᠶᠠᠬᠤ ᠠᠵᠢᠯ ᠢ ᠡᠯ᠎ᠡ ᠨᠡᠶᠢᠭᠡᠮ ᠲᠣᠭᠤᠷᠢᠭ ︵ᠲᠣᠰᠬᠤᠨ︶᠎ ᠤᠨ ᠭᠤᠤᠯ ᠠᠵᠢᠯ ᠲᠠᠢ ᠤᠶᠠᠯᠳᠤᠭᠤᠯᠵᠤ᠂ ᠬᠠᠷᠢᠭᠤᠴᠠᠯᠭ᠎ᠠ ᠶᠢ ᠦᠨᠡᠩᠬᠦ ᠪᠣᠳᠠᠲᠠᠶᠢᠵᠢᠭᠤᠯᠬᠤ ᠬᠡᠷᠡᠭᠲᠡᠶ︔ ᠬᠤᠶᠠᠷ ᠲᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠰᠦᠢᠳᠬᠡᠯ ᠲᠤᠰᠢᠶᠠᠬᠤ ᠲᠠᠯᠠᠪᠤᠷ ᠤᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠦᠢᠳᠬᠡᠯ ᠲᠤᠰᠢᠶᠠᠬᠤ ᠠᠵᠢᠯ ᠤᠨ ᠤᠳᠬ᠎ᠠ ᠠᠭᠤᠯᠭ᠎ᠠ ᠶᠢ ᠲᠦᠭᠡᠮᠡᠯᠵᠢᠭᠦᠯᠵᠦ᠂ ᠣᠯᠠᠨ ᠲᠦᠮᠡᠨ ᠢ ᠢᠳᠡᠪᠬᠢᠲᠡᠢ ᠣᠷᠣᠯᠴᠠᠭᠤᠯᠬᠤ ᠪᠠᠷ ᠤᠷᠢᠶᠠᠯᠠᠪᠠ᠃ ᠯᠢ ᡁᠢ ᠬᠤᠸᠠ ᠡᠷᠬᠢᠯᠡᠭᠴᠢ ᠡᠯ᠎ᠡ ᠨᠡᠶᠢᠬᠡᠮ ᠲᠣᠭᠤᠷᠢᠭ ︵ᠲᠣᠰᠬᠤᠨ︶᠎ ᠤᠨ ᠱᠦᠵᠢ ᠲᠠᠢ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠎ ᠤᠨ ᠬᠠᠷᠢᠭᠤᠴᠠᠯᠭ᠎ᠠ ᠶᠢᠨ ᠬᠡᠷ᠎ᠠ ᠲᠤᠭᠳᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠴᠧᠩ ᠨᠠᠨ ᠵᠡᠭᠡᠯᠢ ᠭᠤᠳᠤᠮᠵᠢ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠤᠰᠤᠭᠠᠷ᠂ 2020 ᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠰᠦᠢᠳᠬᠡᠯ ᠲᠤᠰᠢᠶᠠᠬᠤ ᠠᠵᠢᠯ ᠢ ᠬᠤᠭᠤᠴᠠᠭ᠎ᠠ ᠶᠣᠰᠣᠭᠠᠷ᠂ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠬᠦᠯᠦᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号