ᠮᠠᠨ ᠤ ᠰᠢᠶᠠᠨ ᠤ ᠠᠯᠤᠰ ᠡᠵᠡᠮᠰᠢᠯᠲᠦ ᠣᠨᠳᠣᠤ ᠭᠠᠵᠠᠷ ᠲᠤ ᠳᠠᠭᠠᠭᠠᠴᠢᠯᠠᠯᠲᠠ ᠲᠤᠭᠳᠠᠭᠠᠬᠤ ᠠᠵᠢᠯ ᠠᠮᠵᠢᠯᠲᠠ ᠣᠯᠪᠠ
ᠨᠡᠶᠢᠲᠡᠯᠡᠭᠰᠡᠨ ᠴᠠᠭ᠄
2019-10-14
        10 ᠰᠠᠷ᠎ᠠ ᠶᠢᠨ 8᠎ ᠤ ᠡᠳᠦᠷ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠮᠠᠨ ᠤ ᠰᠢᠶᠠᠨ ᠤ ᠠᠩᠬᠠᠳᠠᠭᠴᠢ ᠬᠤᠲᠠ ᠠᠯᠤᠰᠯᠠᠭᠰᠠᠨ ᠠᠯᠤᠰ ᠡᠵᠡᠮᠰᠢᠯᠲᠦ ᠣᠨᠳᠣᠤ ᠭᠠᠵᠠᠷ ᠲᠤ ᠳᠠᠭᠠᠭᠠᠴᠢᠯᠠᠯᠲᠠ ᠲᠤᠭᠳᠠᠭᠠᠬᠤ ᠲᠥᠷᠥᠯ ᠵᠦᠢᠯ ᠯᠢᠨᠰᠢ ᠰᠢᠶᠠᠨ᠂ ᠤᠯᠠᠭᠠᠨᠬᠠᠳᠠ ᠬᠤᠲᠠ ᠬᠤᠶᠠᠷ ᠭᠠᠵᠠᠷ ᠤᠷᠤᠭᠰᠢᠲᠠᠶ ᠶᠠᠪᠤᠭᠳᠠᠵᠤ᠂ ᠠᠩᠬᠠᠨ ᠤ ᠢᠯᠠᠯᠲᠠ ᠣᠯᠪᠠ᠃ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠪᠥᠬᠦ ᠠᠵᠢᠯᠲᠠᠨ ᠠᠵᠢᠯᠴᠢᠨ ᠬᠠᠮᠳᠤᠪᠠᠷ ᠥᠪᠥᠷ ᠮᠣᠩᠭᠤᠯ ᠤᠨ ᠵᠢᠶ ᠬᠠᠩ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠠᠷ ᠣᠷᠣᠯᠠᠭᠤᠯᠤᠭᠰᠠᠨ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽ᠯᠢᠨᠰᠢ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠲᠣᠰᠬᠤᠨ ᠤ ᠬᠠᠮᠢᠶ᠎ᠠ ᠪᠦᠬᠦᠢ ᠲᠥᠬᠦᠭᠡᠷᠦᠮᠵᠢ ᠶᠢ ᠬᠤᠳᠠᠯᠳᠤᠨ ᠠᠪᠬᠤ︾ ᠲᠥᠷᠥᠯ ᠵᠦᠢᠯ ᠤᠨ ᠳᠠᠭᠠᠭᠠᠴᠢᠯᠠᠯᠲᠠ ᠡᠬᠢᠯᠡᠭᠰᠡᠨ ᠢ ᠭᠡᠷᠡᠴᠢᠯᠡᠪᠡ᠃ ᠣᠷᠣᠯᠠᠨ ᠬᠦᠢᠴᠡᠳᠬᠡᠬᠦ ᠪᠠᠶᠢᠭᠤᠯᠤᠮᠵᠢ ᠶᠢᠨ ᠳᠠᠭᠠᠭᠠᠴᠢᠯᠠᠯᠲᠠ ᠵᠠᠷᠯᠠᠭᠰᠠᠨ ᠢ ᠨᠡᠶᠢᠲᠡᠯᠡᠬᠦ ᠶᠢ ᠳᠠᠭᠠᠯᠳᠤᠨ᠂ ᠮᠠᠨ ᠤ ᠰᠢᠶᠠᠨ ᠤ ᠠᠩᠬᠠᠳᠠᠭᠴᠢ ᠳᠠᠭᠠᠭᠠᠴᠢᠯᠠᠯᠲᠠ ᠵᠠᠷᠯᠠᠬᠤ ᠲᠦᠷᠦᠯ ᠵᠦᠢᠯ ᠤᠨ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠰᠤᠯᠢᠯᠴᠠᠭ᠎ᠠ ᠵᠢᠩᠬᠢᠨᠢ ᠪᠠᠷ ᠡᠬᠢᠯᠡᠵᠤ᠂ ᠮᠠᠨ ᠤ ᠰᠢᠶᠠᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠦᠷᠦᠯ ᠵᠦᠢᠯ ᠵᠢᠩᠬᠢᠨᠢ ᠪᠠᠷ ᠬᠤᠳᠠ ᠎ ᠶᠢᠨ ᠲᠦᠪ ᠤᠨ ᠬᠢ ᠲᠠᠢ ᠠᠳᠠᠯᠢ ᠠᠯᠬᠤᠮ ᠢᠶᠠᠷ ᠡᠬᠢᠯᠡᠭᠰᠡᠨ ᠢ ᠬᠠᠷᠠᠭᠤᠯᠵᠠᠢ᠃
       ᠲᠣᠰ ᠲᠥᠷᠥᠯ ᠵᠦᠢᠯ ᠨᠢ ᠯᠢᠨᠰᠢ ᠰᠢᠶᠠᠨ ᠢᠶᠠᠷ ᠭᠤᠤᠯ ᠲᠠᠯᠠᠪᠤᠷ ᠪᠣᠯᠭᠠᠵᠤ᠂ ᠤᠯᠠᠭᠠᠨᠬᠠᠳᠠ ᠬᠤᠲᠠ ᠪᠠᠷ ᠳᠡᠳ᠋ ᠲᠠᠯᠠᠪᠤᠷ ᠪᠣᠯᠭᠠᠪᠠ᠃  ᠬᠤᠶᠠᠷ ᠭᠠᠵᠠᠷ ᠤᠨ ᠲᠠᠭᠠᠭᠠᠴᠢᠯᠠᠯᠳᠠ ᠲᠤᠭᠳᠠᠭᠠᠬᠤ ᠮᠡᠷᠬᠡᠵᠢᠯᠳᠠᠨ ᠠᠯᠤᠰ ᠡᠵᠡᠮᠰᠢᠯᠲᠦ ᠣᠨᠳᠣᠤ ᠭᠠᠵᠠᠷ ᠲᠤ ᠳᠠᠭᠠᠭᠠᠴᠢᠯᠠᠯᠲᠠ ᠲᠤᠭᠳᠠᠭᠠᠬᠤ ᠰᠢᠰᠲ᠋ᠧᠮ ᠢ ᠠᠰᠢᠭᠯᠠᠨ ᠠᠳᠠᠯᠢ ᠪᠤᠰᠤ ᠭᠠᠵᠠᠷ ᠎ ᠲᠤ ᠠᠯᠤᠰ ᠡᠵᠡᠮᠰᠢᠯᠳᠤ ᠰᠤᠯᠢᠯᠴᠠᠭ᠎ᠠ ᠬᠢᠵᠤ᠂ ᠪᠤᠳᠠᠳᠠᠢ ᠪᠠᠷ ᠰᠦᠯᠵᠢᠶᠠᠨ ᠳᠤ ᠰᠣᠯᠢᠯᠴᠠᠭᠤᠯᠤᠨ ᠶᠠᠷᠢᠯᠴᠠᠭᠤᠯᠬᠤ ᠶᠢ ᠪᠡᠶᠡᠯᠡᠬᠦᠯᠦᠨ᠂  ᠬᠢᠨᠠᠨ ᠬᠠᠮᠢᠶᠠᠷᠬᠤ ᠬᠦᠮᠦᠰ ᠠᠴᠠ ᠠᠯᠤᠰ ᠡᠵᠡᠮᠰᠢᠯᠳᠤ ᠤᠨᠳᠤᠤ ᠭᠠᠵᠠᠷ ᠲᠤ ᠲᠠᠭᠠᠭᠠᠴᠢᠯᠠᠯᠳᠠ ᠲᠤᠭᠳᠠᠭᠠᠬᠤ ᠳᠤ ᠬᠢᠨᠠᠯᠳᠠ ᠲᠠᠯᠪᠢᠬᠤ ᠳᠤ ᠠᠯᠤᠰ ᠡᠵᠡᠮᠰᠢᠯᠳᠤ ᠪᠤᠳᠠᠳᠠᠢ ᠬᠢᠨᠠᠨ ᠬᠠᠮᠢᠶᠠᠷᠤᠯᠳᠠ ᠬᠢᠪᠡ᠃        ᠠᠯᠤᠰ ᠡᠵᠡᠮᠰᠢᠯᠳᠤ ᠣᠨᠳᠣᠤ ᠭᠠᠵᠠᠷ ᠲᠤ ᠳᠠᠭᠠᠭᠠᠴᠢᠯᠠᠯᠲᠠ ᠲᠤᠭᠳᠠᠭᠠᠬᠤ ᠭᠡᠳᠡᠭ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠳᠤ ᠲᠦᠰᠢᠭᠯᠡᠨ᠂ ᠹᠢᠽᠢᠺ ᠤᠨ ᠬᠠᠯᠬᠠᠪᠴᠢ ᠶᠢ ᠡᠪᠳᠡᠵᠦ᠂ ᠪᠥᠬᠦ ᠶᠠᠪᠤᠴᠠ ᠶᠢᠨ ᠡᠯᠧᠺᠲᠷᠣᠨ ᠠᠷᠠᠯᠵᠢᠶᠠᠨ ᠤ ᠰᠢᠰᠲ᠋ᠧᠮ ᠪᠠ ᠠᠯᠤᠰ ᠠᠴᠠ ᠣᠨᠳᠣᠤ ᠭᠠᠵᠠᠷ ᠲᠤ ᠳᠠᠭᠠᠭᠠᠴᠢᠯᠠᠯᠲᠠ ᠲᠤᠭᠳᠠᠭᠠᠬᠤ ᠲᠣᠬᠢᠷᠠᠭᠤᠯᠬᠤ ᠰᠢᠰᠲ᠋ᠧᠮ ᠢ ᠠᠰᠢᠭᠯᠠᠨ᠂ ᠣᠨᠳᠣᠤ ᠭᠠᠵᠠᠷ ᠲᠤ ᠳᠠᠭᠠᠭᠠᠴᠢᠯᠠᠯᠲᠠ ᠲᠤᠭᠳᠠᠭᠠᠬᠤ ᠲᠤᠰᠬᠠᠶ ᠮᠡᠷᠭᠡᠵᠢᠯᠲᠡᠨ ᠢᠶᠠᠷ ᠰᠦᠯᠵᠢᠶᠡᠨ ᠳᠡᠭᠡᠷ᠎ᠡ ᠰᠣᠯᠢᠯᠴᠠᠭᠤᠯᠤᠨ ᠶᠠᠷᠢᠯᠴᠠᠭᠤᠯᠬᠤ ᠶᠢ ᠪᠡᠶᠡᠯᠡᠭᠦᠯᠵᠦ᠂ ᠳᠠᠭᠠᠭᠠᠴᠢᠯᠠᠯᠲᠠ ᠲᠤᠭᠳᠠᠭᠠᠬᠤ ᠠᠵᠢᠯ ᠢ ᠪᠡᠶᠡᠯᠡᠭᠦᠯᠬᠦ ᠶᠢ ᠵᠢᠭᠠᠵᠤ ᠪᠤᠢ᠃ ᠨᠢᠭᠡ ᠲᠠᠯ᠎ᠠ ᠪᠠᠷ ᠲᠤᠬᠠᠶ ᠶᠢᠨ ᠭᠠᠵᠠᠷ ᠤᠨ ᠲᠤᠰᠬᠠᠶ ᠮᠡᠷᠭᠡᠵᠢᠯᠲᠡᠨ ᠤ ᠡᠬᠢ ᠪᠠᠶᠠᠯᠢᠭ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠡᠢᠳᠪᠦᠷᠢᠯᠡᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠪᠡᠷ ᠤᠨ ᠥᠷᠲᠡᠭ ᠢ ᠪᠠᠭᠤᠷᠠᠭᠤᠯᠪᠠ︔ ᠨᠥᠭᠦᠭᠡ ᠲᠠᠯ᠎ᠠ ᠪᠠᠷ ᠢᠨᠲ᠋ᠧᠷ ᠰᠦᠯᠵᠢᠶᠡᠨ ᠤ ᠮᠡᠷᠭᠡᠵᠢᠯ ᠳᠤ ᠲᠦᠰᠢᠭᠯᠡᠨ᠂ ᠰᠢᠪᠠᠭ᠎ᠠ ᠲᠠᠲᠠᠬᠤ ᠪᠠ ᠳᠠᠭᠠᠭᠠᠴᠢᠯᠠᠯᠲᠠ ᠲᠤᠭᠳᠠᠭᠠᠬᠤ ᠲᠤᠰᠬᠠᠶ ᠮᠡᠷᠭᠡᠵᠢᠯᠲᠡᠨ ᠢ ᠭᠠᠵᠠᠷ ᠣᠷᠣᠨ ᠤ ᠲᠠᠯ᠎ᠠ ᠠᠴᠠ ᠬᠠᠮᠤᠭ ᠤᠨ ᠶᠡᠭᠡ ᠬᠡᠮᠵᠢᠶ᠎ᠡ ᠪᠠᠷ ᠲᠤᠰᠠᠭᠠᠷᠯᠠᠵᠤ᠂ ᠢᠯᠵᠠᠷᠠᠯ ᠤᠨ ᠦᠢᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠰᠡᠷᠭᠡᠶᠢᠯᠡᠨ᠎ᠡ᠃        ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠬᠤᠲᠠ ᠠᠯᠤᠰᠯᠠᠭᠰᠠᠨ ᠠᠯᠤᠰ ᠡᠵᠡᠮᠰᠢᠯᠲᠦ ᠣᠨᠳᠣᠤ ᠭᠠᠵᠠᠷ ᠲᠤ ᠳᠠᠭᠠᠭᠠᠴᠢᠯᠠᠯᠲᠠ ᠲᠤᠭᠳᠠᠭᠠᠬᠤ ᠠᠵᠢᠯ ᠳᠤ ᠬᠦᠴᠦᠲᠡᠶ ᠳᠡᠮᠵᠢᠯᠭᠡ ᠪᠠ ᠣᠯᠠᠨ ᠲᠠᠯ᠎ᠠ ᠶᠢᠨ ᠵᠢᠯᠣᠭᠤᠳᠤᠯᠭ᠎ᠠ ᠦᠵᠡᠭᠦᠯᠵᠦ᠂ ᠯᠢᠨᠰᠢ ᠰᠢᠶᠠᠨ᠂ ᠤᠯᠠᠭᠠᠨᠬᠠᠳᠠ ᠬᠤᠲᠠ ᠶᠢ ᠢᠳᠡᠪᠬᠢᠲᠡᠢ ᠵᠣᠯᠭᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠲᠣᠰ ᠤᠳᠠᠭᠠᠨ ᠤ ᠳᠠᠭᠠᠭᠠᠴᠢᠯᠠᠯᠲᠠ ᠰᠢᠯᠭᠠᠷᠠᠭᠤᠯᠬᠤ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号