ᠯᠢᠨᠰᠢ ᠰᠢᠶᠠᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠᠷ ᠬᠥᠳᠡᠯᠭᠡᠬᠦ | ᠬᠦᠴᠦᠨ ᠪᠣᠯᠭᠠᠵᠤ᠂ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠭᠤᠶᠢᠪᠢᠰᠢ | ᠦᠭᠡᠢ ᠵᠠᠮᠨᠠᠵᠤ᠂ ᠠᠵᠤ ᠦᠢᠯᠡᠰ ᠤᠨ ᠴᠢᠭᠯᠡᠯ᠂ ᠠᠵᠤ ᠦᠢᠯᠡᠰ ᠤᠨ ᠪᠠᠶᠢᠷᠢᠰᠢᠭᠤᠯᠤᠯ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠬᠦᠷᠢᠶᠡᠨ ᠳᠤ | ᠦᠷᠭᠦᠯᠵᠢᠯᠡᠨ ︽ᠣᠯᠠᠨ ᠲᠠᠯ᠎ᠠ ᠪᠠᠷ ᠬᠦᠴᠦᠯᠡᠵᠦ︾᠂ ᠠᠵᠤ ᠦᠢᠯᠡᠰ ᠤᠨ ᠲᠡᠰ ᠳᠠᠪᠬᠤᠷᠭ᠎ᠠ᠂ ᠪᠦᠲᠦᠴᠡ | ᠰᠢᠯᠢᠳᠡᠭ ᠪᠤᠰᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠥᠨᠳᠥᠷ ᠪᠤᠰᠤ ᠪᠠᠶᠢᠬᠤ ᠶᠢ ᠪᠦᠬᠦ | ᠬᠦᠴᠦᠨ ᠢᠶᠠᠷ ᠰᠢᠪᠲᠤᠯᠵᠤ᠂ ᠤᠯᠠᠮᠵᠢᠯᠠᠯᠲᠤ ᠠᠵᠤ ᠦᠢᠯᠡᠰ ᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠡᠰᠢ | ᠬᠡᠯᠪᠡᠷᠢ ᠪᠠᠨ ᠬᠤᠪᠢᠷᠠᠭᠤᠯᠬᠤ᠂ ᠪᠦᠳᠦᠭᠦᠯᠢᠭ ᠬᠥᠭᠵᠢᠯᠲᠡ ᠶᠢ ᠠᠮᠢ ᠠᠬᠤᠢ ᠶᠢᠨ ᠠᠵᠤ ᠦᠢᠯᠡᠳᠪᠦᠷᠢ ᠲᠡᠰᠢ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠴᠢᠨᠠᠷ ᠰᠠᠶᠢᠲᠠᠶ᠂ ᠥᠨᠳᠥᠷ ᠲᠡᠰ ᠳᠠᠪᠬᠤᠷᠭ᠎ᠠ ᠲᠡᠰᠢ ᠴᠢᠷᠮᠠᠶᠢᠨ | ᠳᠠᠪᠠᠯᠲᠠ ᠲᠠᠢ ᠪᠣᠯᠭᠠᠨ᠎ᠠ︕ | ᠨᠢᠬᠡ ᠳᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠬᠦ ᠶᠢ ᠳᠣᠪᠤᠶᠢᠯᠭᠠᠨ᠎ᠠ᠃ ᠬᠤᠶᠠᠷ ᠲᠤ᠂ ᠬᠡᠯᠬᠢᠶᠡᠵᠢᠯ ᠢ ᠤᠷᠳᠤᠳᠬᠠᠨ ᠬᠡᠯᠬᠢᠶᠡᠵᠢᠯ ᠢ | ᠨᠦᠬᠦᠪᠦᠷᠢᠯᠡᠨ ᠬᠡᠯᠬᠢᠶᠡᠵᠢᠯ ᠢ ᠴᠢᠩᠭᠠᠷᠠᠭᠤᠯᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ ᠃ | ᠭᠤᠷᠪᠠ ᠳᠤ᠂ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠵᠤ ᠣᠷᠴᠢᠯ ᠠᠵᠤ ᠠᠬᠤᠶ ᠶᠢ ᠪᠠᠶᠢᠭᠤᠯᠤᠨ᠎ᠠ᠃ | ᠲᠦᠷᠪᠡ ᠳᠤ᠂ ᠰᠢᠨ᠎ᠡ ᠬᠡᠯᠪᠡᠷᠢ ᠶᠢᠨ ᠠᠵᠤ ᠠᠬᠤᠶᠢᠯᠠᠯ ᠢ ᠬᠦᠭᠵᠢᠬᠦᠯᠦᠨ᠂ ᠰᠢᠨᠵᠢᠯᠡᠬᠦ ᠤᠬᠠᠭᠠᠨ ᠮᠡᠷᠬᠡᠵᠢᠯ ᠤᠨ | ᠠᠭᠤᠯᠠᠭᠳᠠᠬᠤᠨ ᠢ ᠲᠡᠬᠡᠭᠰᠢᠯᠡᠬᠦᠯᠦᠨ᠎ᠠ᠃ | |