ᠯᠢᠨᠰᠢ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠤᠮᠠᠷᠠᠲᠤ ᠬᠢᠯᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠬᠦᠯᠦᠯᠳᠠ ᠶᠢᠨ ᠹᠢᠯᠢᠮ ᠢ ᠰᠣᠨᠢᠷᠬᠠᠪᠠ
ᠨᠡᠶᠢᠲᠡᠯᠡᠭᠰᠡᠨ ᠴᠠᠭ᠄
2019-10-17
        ᠭᠤᠤᠯ ᠰᠡᠳᠦᠪᠲᠦ ᠬᠥᠮᠦᠵᠢᠯ ᠤᠨ ︽ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ᠦᠢᠷ᠎ᠠ ᠳᠤ᠂ ᠯᠢᠨᠰᠢ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠪᠦᠬᠦ ᠺᠠᠳ᠋ᠷ ᠠᠵᠢᠯᠲᠠᠨ ᠠᠵᠢᠯᠲᠠᠨ ᠢ ᠵᠣᠬᠢᠶᠠᠨ ᠪᠠᠶᠢᠭᠤᠯᠵᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠤᠮᠠᠷᠠᠲᠤ ᠬᠢᠯᠢ ᠶᠢᠨ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠬᠦᠯᠦᠯᠳᠠ ᠎ ᠶᠢᠨ ᠹᠢᠯᠢᠮ ᠢ ᠰᠣᠨᠢᠷᠬᠠᠨ ᠦᠵᠡᠭᠦᠯᠵᠦ᠂ ᠲᠡᠷᠢᠬᠦᠨ ᠤ ᠨᠡᠶᠢᠳᠡᠯᠢᠭ ᠵᠢᠱᠢᠶ᠎ᠠ ᠶᠢᠨ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃
       ᠤᠮᠠᠷᠠᠲᠤ ᠬᠢᠯᠢ ᠶᠢᠨ ᠪᠠᠭᠠᠲᠤᠷ ᠵᠢᠱᠢᠶᠡᠴᠢ ᠵᠠᠯᠠᠭᠤ ᠨᠠᠰᠤ ᠪᠠᠨ ᠡᠬᠡ ᠤᠯᠤᠰ ᠳᠠᠭᠠᠨ ᠵᠤᠷᠢᠭᠤᠯᠤᠨ᠂ ᠠᠮᠢ ᠨᠠᠰᠤ ᠪᠠᠷ ᠢᠶᠠᠨ ᠰᠠᠬᠢᠨ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠶᠢᠨ ᠥᠨᠢᠳᠡ ᠶᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠤ ᠪᠠᠶᠢᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶᠠᠨ ᠤ ᠺᠠᠳ᠋ᠷ ᠠᠵᠢᠯᠲᠠᠨ ᠤᠮᠠᠷᠠᠲᠤ ᠶᠢᠨ ᠪᠠᠭᠠᠲᠤᠷ ᠵᠢᠱᠢᠶᠡᠴᠢ ᠶᠢᠨ ᠰᠡᠳᠬᠢᠯ ᠳᠣᠭᠳᠣᠯᠤᠮ᠎ᠠ ᠲᠡᠷᠢᠭᠦᠨ ᠤ ᠦᠢᠯᠡ ᠠᠵᠢᠯᠯᠠᠭ᠎ᠠ ᠶᠢ ᠨᠠᠷᠢᠨ ᠬᠢᠨᠠᠮᠠᠭᠠᠶ ᠦᠵᠡᠵᠤ᠂ ᠤᠮᠠᠷᠠᠲᠤ ᠶᠢᠨ ᠪᠠᠭᠠᠲᠤᠷ ᠵᠢᠱᠢᠶᠡᠴᠢ ᠶᠢᠨ ᠡᠷᠬᠢᠮ ᠲᠡᠭᠡᠳᠦ ᠵᠠᠩ ᠴᠢᠨᠠᠷ ᠢ ᠭᠦᠨᠵᠡᠭᠡᠶ ᠦᠢᠯᠠᠭᠠᠪᠠ᠃ ᠲᠡᠷᠡᠴᠢᠯᠡᠨ ᠬᠤᠶᠢᠰᠢᠳᠠ ᠶᠢᠨ ᠠᠵᠢᠯ ᠳᠤᠮᠳᠠ ᠪᠠᠨ ᠤᠮᠠᠷᠠᠲᠤ ᠬᠢᠯᠢ ᠶᠢᠨ ᠪᠠᠭᠠᠲᠤᠷ ᠵᠢᠱᠢᠶᠡᠴᠢ ᠪᠠᠷ ᠳᠠᠭᠤᠷᠢᠶᠠᠯ ᠪᠣᠯᠭᠠᠵᠤ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠡᠪ ᠬᠠᠮᠲᠤ ᠨᠠᠮ ᠤᠨ ᠭᠡᠰᠢᠭᠦᠨ ᠤ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠢᠴᠢᠭᠯᠡᠵᠦ᠂ ᠰᠢᠨ᠎ᠡ ᠴᠠᠭ ᠦᠶ᠎ᠡ ᠶᠢᠨ ᠵᠢᠱᠢᠶᠡᠴᠢ ᠺᠠᠳ᠋ᠷ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠪᠡ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号