ᠦᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠫᠠᠨ ᡁᠢ ᠹᠧᠩ᠂ | ᠤᠯᠠᠭᠠᠨᠬᠠᠳᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ ᠶᠢᠨ ᠬᠤᠩ ᠱᠠᠨ᠂ ᠰᠢᠶᠠᠨ ᠤ ᠨᠠᠮ | ᠤᠨ ᠬᠤᠷᠢᠶ᠎ᠠ ᠶᠢᠨ ᠱᠦᠵᠢ ᠲᠢᠶᠠᠨ ᠰᠢᠶᠠᠩ ᠼᠦᠨ᠂ ᠰᠢᠶᠠᠨ ᠤ ᠵᠠᠰᠠᠭ ᠤᠨ ᠤᠷᠳᠤᠨ ᠤ ᠪᠠᠶᠢᠩᠭᠤ ᠶᠢᠨ ᠳᠡᠳ᠋ | ᠳᠠᠷᠤᠭ᠎ᠠ ᠲᠢᠶᠠᠨ ᠱᠣ᠋ ᠵᠢᠶᠦ᠋ᠨ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ ᠸᠠᠩ ᠶᠠᠨ ᠵᠢᠶᠦ᠋ᠨ | ᠵᠡᠷᠭᠡ ᠤᠳᠤᠷᠢᠳᠤᠯᠭ᠎ᠠ ᠴᠧᠩ ᠨᠠᠨ ᠵᠡᠭᠡᠯᠢ ᠭᠤᠳᠤᠮᠵᠢ ᠳᠤ ᠬᠦᠷᠴᠦ᠂ ᠵᠡᠭᠡᠯᠢ ᠭᠤᠳᠤᠮᠵᠢ ᠶᠢᠨ ᠲᠤᠭ᠎ᠠ | ᠪᠦᠷᠢᠳᠬᠡᠯ ᠤᠨ ᠠᠵᠢᠯ ᠢ ᠵᠢᠯᠣᠭᠤᠳᠤᠨ ᠪᠠᠶᠢᠴᠠᠭᠠᠨ ᠰᠤᠳᠤᠯᠤᠯᠲᠠ ᠬᠢᠪᠡ᠂ ᠴᠧᠩ ᠨᠠᠨ ᠵᠡᠭᠡᠯᠢ ᠭᠤᠳᠤᠮᠵᠢ ᠶᠢᠨ | ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢ ᡁᠢ ᠬᠤᠸᠠ᠂ | ᠲᠤᠭ᠎ᠠ ᠪᠦᠷᠢᠳᠬᠡᠯ ᠤᠨ ᠥᠷᠲᠡᠭᠡ ᠶᠢᠨ ᠬᠠᠮᠢᠶ᠎ᠠ ᠪᠦᠬᠦᠢ ᠠᠵᠢᠯᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠠ᠃ | ᠬᠠᠮᠢᠶ᠎ᠠ ᠪᠦᠬᠦᠢ ᠤᠳᠤᠷᠢᠳᠤᠯᠭ᠎ᠠ ᠨᠠᠷ ᠠᠴᠠ ᠵᠡᠭᠡᠯᠢ ᠭᠤᠳᠤᠮᠵᠢ ᠶᠢᠨ ᠲᠤᠭ᠎ᠠ ᠪᠦᠷᠢᠳᠬᠡᠯ ᠤᠨ | ᠥᠷᠲᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ᠂ ᠠᠵᠢᠯ ᠤᠨ ᠳᠦᠷᠢᠮ ᠲᠣᠭᠲᠠᠭᠠᠯ ᠵᠢᠴᠢ | ᠠᠵᠤ ᠠᠬᠤᠶ ᠶᠢᠨ ᠨᠡᠶᠢᠳᠡᠮ ᠤᠨ ᠪᠠᠶᠢᠴᠠᠭᠠᠯᠳᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠪᠠᠶᠢᠴᠠᠭᠠᠨ | ᠦᠵᠡᠵᠦ᠂ ᠴᠧᠩ ᠨᠠᠨ ᠵᠡᠭᠡᠯᠢ ᠭᠤᠳᠤᠮᠵᠢ ᠶᠢᠨ ᠲᠤᠭ᠎ᠠ ᠪᠦᠷᠢᠳᠬᠡᠯ ᠤᠨ ᠠᠵᠢᠯ ᠢ ᠬᠦᠢᠴᠡᠳ ᠨᠤᠲᠠᠯᠠᠪᠠ᠃ | ᠡᠭᠦᠨ ᠤ ᠬᠠᠮᠲᠤ ᠲᠤᠭ᠎ᠠ ᠪᠦᠷᠢᠳᠬᠡᠯ ᠤᠨ ᠠᠵᠢᠯ ᠢ ᠦᠷᠬᠦᠯᠵᠢᠯᠠᠨ ᠴᠢᠬᠤᠯᠠᠴᠢᠯᠠᠨ ᠦᠵᠡᠵᠤ᠂ ᠲᠤᠭ᠎ᠠ | ᠪᠦᠷᠢᠳᠬᠡᠯ ᠤᠨ ᠪᠦᠬᠦ ᠠᠵᠢᠯᠲᠠᠳ ᠲᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠢᠶᠠᠨ | ᠯᠠᠪᠳᠠᠭᠤᠨ ᠪᠡᠳᠤᠳᠠᠢ ᠨᠠᠷᠢᠨ ᠨᠢᠮᠪᠠᠶ ᠥᠷᠨᠢᠭᠦᠯᠬᠦ ᠬᠡᠷᠡᠭᠲᠡᠶ︔ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠳᠤᠷ | ᠠᠳᠬᠤᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢᠶᠠᠷ ᠭᠤᠤᠯ ᠪᠣᠯᠭᠠᠨ᠂ ᠶᠠᠰᠤ ᠴᠢᠨᠠᠷ ᠢ ᠡᠵᠡᠮᠳᠡᠬᠦ ᠪᠠ | ᠪᠠᠶᠢᠴᠠᠭᠠᠵᠤ ᠰᠢᠯᠭᠠᠨ ᠠᠪᠬᠤ ᠴᠢᠩᠭ᠎ᠠ ᠳᠦᠷᠢᠮ ᠢ ᠪᠠᠶᠢᠭᠤᠯᠵᠤ᠂ ᠱᠠᠲᠤ ᠱᠠᠲᠤ ᠪᠠᠷ ᠬᠢᠨᠠᠨ ᠬᠠᠷᠭᠤᠭᠤᠯᠬᠤ ᠶᠢ | ᠬᠡᠷᠡᠭᠵᠢᠭᠦᠯᠦᠨ᠂ ᠱᠠᠲᠤ ᠱᠠᠲᠤ ᠪᠠᠷ ᠪᠠᠶᠢᠴᠠᠭᠠᠵᠤ ᠰᠢᠯᠭᠠᠨ ᠬᠤᠷᠢᠶᠠᠵᠤ᠂ ᠪᠦᠬᠦ ᠲᠠᠯ᠎ᠠ ᠶᠢᠨ᠂ ᠣᠨᠣᠪᠴᠢᠲᠠᠶ᠂ | ᠪᠤᠰᠤᠳᠴᠢ᠂ ᠦᠨᠡᠨ ᠪᠣᠳᠠᠲᠠᠶ ᠪᠠᠶᠢᠬᠤ ᠶᠢ ᠦᠨᠡᠩᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠭᠰᠠᠨ ᠪᠠᠶᠢᠨ᠎ᠠ᠃ | | |