ᠦᠢᠷ᠎ᠠ ᠳᠤ᠂ ᠴᠧᠩ ᠨᠠᠨ ᠵᠡᠭᠡᠯᠢ ᠭᠤᠳᠤᠮᠵᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠮᠡᠳᠡᠬᠦᠯᠦᠯᠳᠠ ᠶᠢᠨ ᠬᠤᠷᠠᠯ ᠬᠤᠷᠠᠯᠳᠤᠭᠤᠯᠪᠠ᠃ | ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠸᠠᠩ ᠢᠦᠶ ᠵᠢᠶᠧ᠂ ᠵᠡᠭᠡᠯᠢ | ᠭᠤᠳᠤᠮᠵᠢ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠺᠠᠳ᠋ᠷ ᠠᠵᠢᠯᠲᠠᠨ ᠠᠵᠢᠯᠴᠢᠨ | ᠨᠡᠶᠢᠲᠡ 70 ᠭᠠᠷᠤᠶ ᠬᠥᠮᠦᠨ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃ | ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠠᠭᠰᠢᠯᠠᠭᠴᠢᠳ ᠤᠨ ᠪᠦᠯᠬᠦᠮ ᠤᠨ | ᠯᠧᠺᠲ᠋ᠣᠷ ᠰᠢᠤᠢ ᠵᠢᠶᠠ ᠬᠤᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶᠡᠰ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠤᠬᠠᠶ ᠲᠠᠶᠢᠯᠤᠮᠵᠢ ᠬᠢᠪᠡ᠃ ᠤᠯᠠᠭᠠᠨᠬᠠᠳᠠ ᠬᠤᠲᠠ ᠶᠢᠨ | ᠮᠦᠽᠧᠶ ᠶᠢᠨ ᠳᠡᠳ᠋ ᠳᠠᠷᠤᠭ᠎ᠠ ᠴᠢᠨ ᠪᠥᠸᠧ ᠪᠣᠯᠤᠨ ᠰᠦᠩᠱᠠᠨ ᠲᠣᠭᠤᠷᠢᠭ ᠤᠨ ᠬᠢᠩᠭᠠᠨ ᠵᠡᠭᠡᠯᠢ ᠭᠤᠳᠤᠮᠵᠢ ᠶᠢᠨ | ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠰᠦᠨ ᠮᠢᠩ ᠲᠤᠤ ᠶᠡᠷᠦᠩᠬᠡᠶ ᠱᠦᠵᠢ ᠰᠢ ᠶᠢᠨ ᠫᠢᠩ ᠤᠨ | ᠤᠯᠠᠭᠠᠨᠬᠠᠳᠠ ᠬᠤᠲᠠ ᠶᠢᠨ ᠮᠦᠽᠧᠶ ᠪᠣᠯᠤᠨ ᠬᠢᠩᠭᠠᠨ ᠵᠡᠭᠡᠯᠢ ᠭᠤᠳᠤᠮᠵᠢ ᠶᠢᠨ ᠯᠢᠨ ᠬᠤᠸᠠᠩ ᠨᠡᠶᠢᠭᠡᠮ | ᠲᠣᠭᠤᠷᠢᠭ ᠲᠤ ᠰᠢᠨᠵᠢᠯᠡᠨ ᠪᠠᠶᠢᠴᠠᠭᠠᠬᠤ ᠳᠠᠭᠠᠨ ᠡᠯ᠎ᠡ ᠱᠠᠲᠤᠨ ᠤ ᠺᠠᠳ᠋ᠷ ᠣᠯᠠᠨ ᠲᠦᠮᠡᠨ ᠲᠠᠢ ᠳᠣᠲᠣᠨᠣ ᠪᠠᠷ | ᠶᠠᠷᠢᠯᠴᠠᠭᠰᠠᠨ ᠶᠠᠪᠤᠴᠠ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠳᠠ᠂ ᠦᠨᠳᠦᠰᠦᠲᠡᠨ ᠤ ᠪᠦᠯᠬᠦᠮᠳᠡᠯ᠂ | ᠠᠮᠢ ᠠᠬᠤᠢ ᠶᠢᠨ ᠪᠣᠯᠪᠠᠰᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠬᠢ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢ ᠶᠠᠷᠢᠵᠤ ᠲᠠᠶᠢᠯᠪᠤᠷᠢᠯᠠᠭᠰᠠᠨ ᠪᠠᠶᠢᠨ᠎ᠠ᠃ | ᠬᠤᠷᠠᠯ ᠠᠴᠠ᠂ ᠵᠡᠭᠡᠯᠢ ᠭᠤᠳᠤᠮᠵᠢ ᠶᠢᠨ ᠥᠷᠭᠡᠨ ᠣᠯᠠᠨ ᠨᠠᠮ ᠤᠨ ᠭᠡᠰᠢᠭᠦᠨ ᠺᠠᠳᠠᠷᠴᠤᠳ ᠢ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠵᠡᠮᠰᠢᠨ ᠦᠢᠯᠠᠭᠠᠵᠤ᠂ ᠲᠠᠷᠢᠬᠢ | ᠲᠣᠯᠣᠭᠠᠶ ᠪᠠᠨ ᠵᠡᠪᠰᠡᠭᠯᠡᠨ᠂ ᠦᠢᠯᠡᠳᠦᠯᠬᠡ ᠪᠠᠨ ᠵᠢᠯᠤᠭᠤᠳᠤᠭᠤᠯᠬᠤ ᠬᠡᠷᠡᠭᠳᠠᠢ ᠬᠡᠵᠤ ᠱᠠᠭᠠᠷᠳᠠᠵᠠᠢ᠃ | |