ᠳ᠋ᠠ ᠢᠩᠽᠢ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ︽ᠤᠯᠤᠰ ᠤᠨ ᠲᠤᠭ ᠲᠤ ᠶᠣᠰᠣᠯᠠᠬᠤ ︾ ᠭᠤᠤᠯ ᠰᠡᠳᠦᠪᠲᠦ ᠬᠥᠮᠦᠵᠢᠯ ᠥᠷᠨᠢᠭᠦᠯᠪᠡ
ᠨᠡᠶᠢᠲᠡᠯᠡᠭᠰᠡᠨ ᠴᠠᠭ᠄
2019-10-21
        ︽ᠳᠤᠮᠳᠠᠳᠤ ᠤᠯᠤᠰ ᠤᠨ ᠬᠦᠰᠡᠯ ᠵᠡᠭᠦᠳᠦ︾᠎ ᠶᠢᠨ ᠰᠤᠷᠤᠯᠴᠠᠯᠭ᠎ᠠ ᠬᠥᠮᠦᠵᠢᠯ ᠢ ᠤᠯᠠᠮ ᠨᠢᠭᠡ ᠠᠯᠬᠤᠮ ᠬᠦᠨᠵᠡᠬᠡᠶᠢᠷᠡᠬᠦᠯᠦᠨ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠪᠠᠶᠢᠭᠤᠯᠤᠯᠳᠠ ᠶᠢ ᠠᠬᠢᠭᠤᠯᠵᠤ᠂  ︽ᠮᠢᠨᠦ ᠳᠤᠮᠳᠠᠳᠤ ᠶᠢᠨ ᠬᠦᠰᠡᠯ ᠵᠡᠭᠦᠳᠦ︾ ᠭᠤᠤᠯ ᠰᠡᠳᠦᠪᠲᠦ ᠬᠥᠮᠦᠵᠢᠯ ᠦᠢᠯᠡᠳᠦᠯᠬᠡ ᠶᠢᠨ ᠠᠵᠢᠯᠯᠠᠭ᠎ᠠ ᠥᠷᠨᠢᠭᠦᠯᠬᠦ ᠱᠠᠭᠠᠷᠳᠠᠯᠭ᠎ᠠ ᠲᠠᠢ ᠤᠶᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ ᠪᠣᠯᠤᠨ ᠯᠢᠨᠰᠢ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠳ᠋ᠠ ᠢᠩᠽᠢ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠦᠢᠷ᠎ᠠ ᠳᠤ᠂ ︽ᠤᠯᠤᠰ ᠤᠨ ᠲᠤᠭ ᠲᠤ ᠶᠣᠰᠣᠯᠠᠬᠤ︾ ᠭᠤᠤᠯ ᠰᠡᠳᠦᠪᠲᠦ ᠬᠥᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃
       ᠲᠣᠰ ᠤᠳᠠᠭᠠᠨ ᠤ ︽ᠤᠯᠤᠰ ᠤᠨ ᠲᠤᠭ ᠲᠤ ᠶᠣᠰᠣᠯᠠᠬᠤ︾ ᠠᠵᠢᠯᠯᠠᠭ᠎ᠠ ᠶᠢ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠦᠷᠨᠢᠬᠦᠯᠪᠡ᠄        ᠨᠢᠭᠡ ᠳᠤ᠂ ᠰᠤᠷᠤᠭᠴᠢᠳ ᠢ ᠵᠣᠬᠢᠶᠠᠨ ᠪᠠᠶᠢᠭᠤᠯᠵᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠭᠠᠷ ᠤᠨ ᠦᠰᠦᠭ ᠵᠢᠷᠤᠭᠤᠯᠵᠤ ᠦᠭᠡ ᠢᠯᠡᠭᠡᠨ᠎ᠡ᠂ ᠰᠤᠷᠭᠠᠭᠤᠯᠢ ᠨᠢ ᠲᠣᠰ ᠤᠳᠠᠭ᠎ᠠ ᠶᠢᠨ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠦᠭᠡ ᠢᠯᠡᠭᠡᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠤᠷᠤᠭᠴᠢᠳ ᠤᠨ ᠳᠤᠮᠳᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠲᠡᠭᠦᠨ ᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠨᠡᠶᠢᠬᠡᠮ ᠤᠨ ᠦᠢᠯᠡᠳᠦᠯᠬᠡ ᠶᠢᠨ ᠡᠯ᠎ᠡ ᠲᠠᠯ᠎ᠠ ᠳᠤ ᠲᠤᠤᠱᠯᠠᠭᠤᠯᠪᠠ᠂ ᠰᠤᠷᠤᠭᠴᠢᠳ ᠤᠯᠤᠰ ᠤᠨ ᠲᠤᠭ ᠲᠠᠭᠠᠨ ᠶᠣᠰᠣᠯᠠᠵᠤ᠂ ᠰᠢᠨ᠎ᠡ ᠳᠤᠮᠳᠠᠳᠤ ᠤᠯᠤᠰ ᠤᠨ ᠴᠡᠴᠡᠭᠯᠡᠨ ᠬᠥᠭᠵᠢᠵᠦ ᠪᠠᠶᠠᠵᠢᠨ ᠬᠦᠴᠦᠷᠬᠡᠭᠵᠢᠬᠦ ᠳᠤ ᠥᠪᠡᠷ ᠤᠨ ᠵᠥᠩᠨᠡᠯ ᠢᠶᠠᠨ ᠲᠠᠪᠰᠢᠬᠦᠯᠦᠨ᠎ᠠ᠃        ᠬᠤᠶᠠᠷ ᠲᠤ᠂ ᠰᠤᠷᠤᠭᠴᠢᠳ ᠤᠯᠤᠰ ᠤᠨ ᠪᠠᠶᠠᠷ ᠲᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠢ ᠰᠣᠨᠢᠷᠬᠠᠵᠤ᠂ ᠡᠬᠦᠨ ᠢᠶᠠᠷ ᠳᠠᠮᠵᠢᠨ᠂ ᠰᠤᠷᠤᠭᠴᠢᠳ ᠲᠤ ᠡᠬᠡ ᠤᠯᠤᠰ ᠤᠨ ᠬᠦᠴᠦᠷᠬᠡᠭ ᠶᠡᠭᠡ᠂ ᠡᠬᠡ ᠤᠯᠤᠰ ᠢᠶᠠᠷ ᠢᠶᠠᠨ ᠢᠷᠠᠭᠤ ᠠᠯᠳᠠᠷ ᠢᠶᠠᠨ ᠪᠣᠯᠭᠠᠵᠤ᠂ ᠡᠬᠡ ᠤᠯᠤᠰ ᠢᠶᠠᠷ ᠢᠶᠠᠨ ᠣᠮᠣᠭᠰᠢᠯ ᠢᠶᠠᠨ ᠪᠤᠯᠭᠠᠬᠤ ᠶᠢ ᠮᠡᠳᠡᠷᠡᠬᠦᠯᠦᠨ᠎ᠠ᠃        ᠭᠤᠷᠪᠠ ᠳᠤ᠂ ᠡᠯ᠎ᠡ ᠠᠩᠭᠢ ᠨᠢ ︽ᠤᠯᠤᠰ ᠤᠨ ᠲᠤᠭ ᠲᠤ ᠶᠣᠰᠣᠯᠠᠬᠤ︾ ᠭᠤᠤᠯ ᠰᠡᠳᠦᠪᠲᠦ ᠠᠩᠭᠢ ᠶᠢᠨ ᠬᠤᠷᠠᠯ ᠢ ᠥᠷᠨᠢᠭᠦᠯᠪᠡ᠃ ᠸᠢᠳᠢᠣ᠋ ᠶᠢ ᠦᠵᠡᠬᠦ᠂ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠬᠤ᠂  ᠵᠦᠩᠨᠡᠯ ᠤᠨ ᠦᠬᠡ ᠢᠯᠡᠬᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠭᠡᠷ ᠪᠦᠯᠢ ᠪᠠᠨ ᠬᠠᠶᠢᠷᠠᠯᠠᠬᠤ᠂ ᠡᠬᠡ ᠤᠯᠤᠰ ᠲᠠᠭᠠᠨ ᠬᠦᠴᠦ ᠪᠠᠨ ᠡᠷᠭᠦᠬᠦ᠂ ᠡᠭᠡᠯ ᠵᠢᠷ ᠤᠨ ᠪᠠᠭ᠎ᠠ ᠶᠠᠪᠤᠳᠠᠯ᠂ ᠵᠢᠵᠢᠭ ᠰᠠᠵᠢᠭ ᠵᠦᠢᠯ ᠳᠡᠭᠡᠷ᠎ᠡ ᠡᠷᠬᠢᠮ ᠲᠡᠬᠡᠳᠦ ᠶᠣᠰᠣ ᠰᠤᠷᠲᠠᠬᠤᠨ ᠤ ᠬᠠᠶᠢᠷ᠎ᠠ ᠰᠡᠳᠬᠢᠯᠭᠡ ᠶᠢ ᠬᠥᠮᠦᠵᠢᠭᠦᠯᠬᠦ ᠪᠠ ᠡᠬᠡ ᠣᠷᠣᠨᠴᠢ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠶᠢ ᠬᠥᠲᠥᠯᠥᠨ ᠵᠢᠯᠣᠭᠤᠳᠤᠨ᠎ᠠ᠃        ᠳᠥᠷᠪᠡ ᠳᠤ᠂ ᠲᠤᠭ ᠮᠠᠨᠳᠤᠭᠤᠯᠬᠤ ᠶᠣᠰᠣᠯᠠᠯ ᠢ ᠠᠰᠢᠭᠯᠠᠨ᠂ ᠥᠷᠭᠡᠨ ᠣᠯᠠᠨ ᠪᠠᠭᠰᠢ ᠰᠤᠷᠤᠭᠴᠢᠳ ᠲᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠬᠢᠨ᠎ᠡ᠃        ᠲᠣᠰ ᠤᠳᠠᠭᠠᠨ ᠤ ᠠᠵᠢᠯᠯᠠᠭᠠᠨ ᠢᠶᠠᠷ ᠠᠵᠠ ᠲᠣᠬᠢᠶᠠᠯ ᠪᠣᠯᠭᠠᠨ᠂ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠯᠠᠭᠠᠨ ᠤ ᠨᠦᠯᠦᠬᠡᠯᠡᠬᠦ ᠬᠦᠴᠦᠨ ᠢ ᠥᠷᠭᠡᠳᠬᠡᠨ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠵᠦ᠂ ᠡᠬᠡ ᠤᠯᠤᠰ ᠲᠠᠭᠠᠨ ᠵᠢᠳᠬᠦᠬᠦ ᠵᠣᠷᠢᠭ ᠢ ᠪᠤᠢ ᠪᠣᠯᠭᠠᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠵᠠᠯᠭᠠᠮᠵᠢᠯᠠᠭᠴᠢ ᠪᠠ ᠪᠦᠲᠦᠭᠡᠨ ᠪᠠᠶᠢᠭᠤᠯᠤᠭᠴᠢ ᠪᠤᠯᠭᠠᠬᠤ ᠶᠢ ᠵᠤᠷᠢᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号