ᠯᠢᠨᠰᠢ ᠰᠢᠶᠠᠨ ᠤ ᠨᠠᠰᠤᠨ ᠳᠤ ᠦᠯᠦ ᠬᠦᠷᠦᠭᠰᠡᠳ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠦᠮᠦᠭᠯᠡᠨ ᠬᠠᠮᠠᠭᠠᠯᠠᠬᠤ ᠠᠵᠢᠯ ᠤᠨ ᠬᠠᠤᠯᠢ ᠴᠠᠭᠠᠵᠠ ᠶᠢᠨ ᠰᠠᠨᠠᠭᠤᠯᠤᠮᠵᠢ ᠶᠢ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-10-21
        10 ᠰᠠᠷ᠎ᠠ ᠶᠢᠨ 18᠎ ᠤ ᠡᠳᠦᠷ᠂ ᠯᠢᠨᠰᠢ ᠰᠢᠶᠠᠨ ᠤ ᠨᠠᠰᠤᠨ ᠳᠤ ᠦᠯᠦ ᠬᠦᠷᠦᠭᠰᠡᠳ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠦᠮᠦᠭᠯᠡᠨ ᠬᠠᠮᠠᠭᠠᠯᠠᠬᠤ ᠠᠵᠢᠯ ᠤᠨ ᠬᠠᠤᠯᠢ ᠴᠠᠭᠠᠵᠠ ᠶᠢᠨ ᠰᠠᠨᠠᠭᠤᠯᠤᠮᠵᠢ ᠶᠢ ᠨᠡᠶᠢᠲᠡᠯᠡᠬᠦ ᠬᠤᠷᠠᠯ ᠬᠤᠷᠠᠯᠳᠤᠪᠠ᠃ ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠤᠯᠤᠰ ᠲᠦᠷᠦ ᠬᠠᠤᠯᠢ ᠴᠠᠭᠠᠵᠠ ᠶᠢᠨ ᠱᠦᠵᠢ ᠯᠢᠦ ᠳ᠋ᠧ ᠵᠢᠶᠦ᠋ᠨ ᠡᠷᠬᠢᠯᠡᠵᠠᠢ᠂ ᠯᠢᠨᠰᠢ ᠰᠢᠶᠠᠨ ᠤ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠬᠤᠸᠠᠩ ᠸᠧᠨ ᠵᠥᠩ ᠨᠠᠰᠤᠨ ᠳᠤ ᠥᠯᠥ ᠬᠦᠷᠦᠭᠰᠡᠳ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠦᠮᠦᠭᠯᠡᠨ ᠬᠠᠮᠠᠭᠠᠯᠠᠬᠤ ᠠᠵᠢᠯ ᠤᠨ ᠬᠠᠤᠯᠢ ᠴᠠᠭᠠᠵᠠ ᠶᠢᠨ ᠰᠠᠨᠠᠭᠤᠯᠤᠮᠵᠢ ᠶᠢ ᠨᠡᠶᠢᠲᠡᠯᠡᠪᠡ᠃ ᠰᠢᠶᠠᠨ ᠤ ᠤᠳᠤᠷᠢᠳᠤᠯᠭ᠎ᠠ ᠵᠧᠤ ᠵᠢᠩ ᠮᠢᠨ᠂ ᠸᠠᠩ ᠯᠢ ᠨᠠ᠂ ᠶᠠᠩ ᠵᠢᠩ ᠯᠢᠨ᠂ ᠸᠠᠩ ᠬᠤᠢ ᠬᠤᠷᠠᠯ ᠳᠤ ᠤᠷᠤᠯᠴᠠᠭᠰᠠᠨ ᠪᠠᠶᠢᠨ᠎ᠠ᠃
       2019 ᠤᠨ ᠤ 5 ᠰᠠᠷ᠎ᠠ ᠳᠤ ᠬᠠᠤᠯᠢ ᠶᠣᠰᠣᠭᠠᠷ ᠲᠠᠰᠤᠯᠤᠯᠲᠠ ᠵᠠᠷᠯᠠᠭᠰᠠᠨ ᠸᠠᠨ ᠣᠪᠣᠭᠲᠤ ᠵᠡᠷᠭᠡ 11 ᠬᠥᠮᠦᠨ ᠣᠯᠠᠭᠤᠯᠠ ᠨᠡᠶᠢᠯᠡᠵᠦ ᠵᠣᠳᠣᠭᠠᠨ ᠬᠢᠭᠰᠡᠨ᠂ ᠦ ᠡᠷᠢᠵᠦ ᠬᠡᠷᠡᠭ ᠡᠳᠦᠭᠰᠡᠨ ᠶᠠᠯᠠᠲᠤ ᠬᠡᠷᠡᠭ ᠪᠣᠯ ᠯᠢᠨᠰᠢ ᠰᠢᠶᠠᠨ ᠤ ᠠᠩᠬᠠᠳᠠᠭᠴᠢ ᠬᠠᠷᠭᠢᠰ ᠬᠦᠴᠦᠨ ᠤ ᠶᠠᠯᠠᠲᠤ ᠬᠡᠷᠡᠭ ᠮᠥᠨ᠂ ᠲᠤᠰ ᠬᠡᠷᠡᠭ ᠲᠤ ᠨᠠᠰᠤᠨ ᠳᠤ ᠥᠯᠥ ᠬᠦᠷᠦᠭᠰᠡᠳ ᠬᠤᠯᠪᠣᠭᠳᠠᠵᠠᠶ᠃ ᠪᠦᠷᠢᠳᠬᠡᠯ ᠢ ᠦᠨᠳᠦᠰᠦᠯᠡᠪᠡᠯ᠂ 2016 ᠣᠨ ᠠᠴᠠ ᠨᠠᠰᠢ᠂ ᠯᠢᠨᠰᠢ ᠰᠢᠶᠠᠨ ᠤ ᠰᠢᠭᠦᠬᠦ ᠬᠤᠷᠢᠶ᠎ᠠ ᠨᠠᠰᠤᠨ ᠳᠤ ᠦᠯᠦ ᠬᠦᠷᠦᠭᠰᠡᠳ ᠤᠨ ᠶᠠᠯᠠᠲᠤ ᠬᠡᠷᠡᠭ ᠢ ᠨᠡᠶᠢᠲᠡ 20 ᠬᠡᠷᠡᠭ 53 ᠬᠥᠮᠦᠨ ᠢ ᠰᠢᠬᠦᠵᠠᠢ᠃ ᠯᠢᠨᠰᠢ ᠰᠢᠶᠠᠨ ᠤ ᠰᠢᠭᠦᠬᠦ ᠬᠤᠷᠢᠶ᠎ᠠ ᠰᠢᠭᠦᠨ ᠰᠡᠢᠳᠪᠦᠷᠢᠯᠡᠭᠰᠡᠨ ᠨᠠᠰᠤᠨ ᠳᠤ ᠦᠯᠦ ᠬᠦᠷᠦᠭᠰᠡᠳ ᠤᠨ ᠶᠠᠯᠠᠲᠤ ᠬᠡᠷᠡᠭ᠂ ᠢᠯᠠᠩᠭᠤᠶ᠎ᠠ ᠬᠠᠷᠭᠢᠰ ᠬᠦᠴᠦᠨ ᠤ ᠶᠠᠯᠠᠲᠤ ᠬᠡᠷᠡᠭ ᠤᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠬᠠᠤᠯᠢ ᠴᠠᠭᠠᠵᠠ ᠶᠢᠨ ᠰᠠᠨᠠᠭᠤᠯᠤᠮᠵᠢ ᠶᠢᠨ ᠪᠢᠴᠢᠭ ᠶᠠᠪᠤᠭᠤᠯᠪᠠ᠃ ᠡᠨᠡ ᠪᠣᠯ ᠯᠢᠨᠰᠢ ᠰᠢᠶᠠᠨ ᠤ ᠰᠢᠭᠦᠬᠦ ᠬᠤᠷᠢᠶ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠬᠡᠷᠡᠭ ᠲᠤ ᠴᠢᠭᠯᠡᠭᠦᠯᠦᠭᠰᠡᠨ ᠠᠩᠬᠠᠳᠠᠭᠴᠢ ᠬᠠᠤᠯᠢ ᠴᠠᠭᠠᠵᠠ ᠶᠢᠨ ᠰᠠᠨᠠᠭᠤᠯᠤᠮᠵᠢ ᠶᠢᠨ ᠪᠢᠴᠢᠭ ᠪᠣᠯᠤᠨ᠎ᠠ᠃        ᠬᠠᠤᠯᠢ ᠴᠠᠭᠠᠵᠠ ᠶᠢᠨ ᠰᠠᠨᠠᠭᠤᠯᠤᠮᠵᠢ ᠶᠢᠨ ᠪᠢᠴᠢᠭ ᠲᠤ᠂ ᠯᠢᠨᠰᠢ ᠰᠢᠶᠠᠨ ᠤ ᠰᠢᠭᠦᠬᠦ ᠬᠤᠷᠢᠶ᠎ᠠ ᠲᠠᠪᠤᠨ ᠲᠠᠯ᠎ᠠ ᠶᠢᠨ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠳᠤᠷᠠᠳᠴᠠᠶ᠄ ᠨᠢᠭᠡ ᠳᠤ ᠰᠤᠷᠭᠠᠨ ᠬᠥᠮᠦᠵᠢᠯ ᠤᠨ ᠲᠣᠪᠴᠢᠶ᠎ᠠ ᠲᠡᠭᠦᠨ ᠤ ᠬᠠᠨᠳᠤᠯᠭᠠᠲᠤ ᠴᠢᠨᠠᠷ᠂ ᠣᠯᠠᠨ ᠶᠠᠩᠵᠤᠲᠤ ᠴᠢᠨᠠᠷ᠂ ᠤᠷᠳᠤ ᠬᠤᠭᠤᠴᠠᠭᠠᠲᠤ ᠴᠢᠨᠠᠷ ᠠᠴᠠ ᠡᠭᠦᠰᠴᠦ᠂ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠱᠠᠲᠤ ᠦᠶ᠎ᠠ ᠳᠤ ᠨᠡᠶᠢᠴᠡᠭᠰᠡᠨ ᠰᠢᠰᠲ᠋ᠧᠮ ᠢ ᠪᠠᠶᠢᠭᠤᠯᠤᠨ᠎ᠠ︔ ᠬᠤᠶᠠᠷ ᠲᠤ᠂ ︽ᠭᠡᠷ ᠲᠡᠭᠡᠨ ᠦᠯᠡᠳᠡᠵᠤ ᠬᠤᠴᠣᠷᠤᠭᠰᠠᠨ ᠬᠡᠤᠬᠡᠳ︾᠂ ︽ᠥᠨᠥᠴᠢᠨ ᠥᠷᠥᠭᠡᠰᠦᠨ ᠭᠡᠷ ᠪᠦᠯᠢ ᠶᠢᠨ ᠦᠷ᠎ᠡ ᠬᠡᠤᠬᠡᠳ︾᠎ ᠤᠨ ᠬᠠᠯᠠᠮᠵᠢᠯᠠᠨ ᠬᠠᠶᠢᠷᠠᠯᠠᠬᠤ ᠰᠤᠷᠭᠠᠨ ᠬᠥᠮᠦᠵᠢᠯ ᠤᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠦᠨ᠎ᠡ︔ ᠭᠤᠷᠪᠠ ᠳᠤ᠂ ᠰᠤᠷᠭᠠᠭᠤᠯᠢ ᠨᠢ ᠵᠠᠯᠠᠭᠤᠴᠤᠳ ᠪᠠᠭᠠᠴᠤᠳ ᠤᠨ ᠶᠠᠯ᠎ᠠ ᠬᠢᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠡᠷᠭᠢᠴᠡᠭᠦᠯᠦᠨ ᠪᠣᠳᠣᠯᠬᠢᠯᠠᠬᠤ ᠪᠠ ᠳ᠋ᠦᠩᠨᠡᠬᠦ ᠬᠡᠷᠡᠭᠲᠡᠶ︔ ᠳᠥᠷᠪᠡ ᠳᠤ᠂ ᠰᠤᠷᠭᠠᠭᠤᠯᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠰᠠᠶᠢᠨ ᠰᠠᠶᠢᠬᠠᠨ ᠬᠥᠳᠡᠯᠦᠩᠭᠦᠶ ᠬᠠᠮᠠᠭᠠᠯᠠᠯᠲᠠ ᠪᠠ ᠪᠠᠴᠢᠮ ᠪᠠᠶᠢᠳᠠᠯ ᠢ ᠠᠷᠭᠠᠴᠠᠨ  ᠰᠡᠢᠳᠪᠦᠷᠢᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ︔ ᠲᠠᠪᠤ ᠳᠤ᠂ ᠰᠤᠷᠭᠠᠭᠤᠯᠢ᠂ ᠪᠠᠭᠰᠢ ᠨᠠᠷ ᠢ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠲᠠᠨᠢᠯᠳᠠ ᠶᠢ ᠲᠡᠬᠡᠭᠰᠢᠯᠡᠬᠦᠯᠦᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号