ᠦᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ | ᠨᠠᠮ ᠤᠨ ᠭᠡᠰᠢᠭᠦᠨ ᠠᠵᠢᠯᠲᠠᠨ ᠠᠵᠢᠯᠲᠠᠨ ᠢ ᠵᠣᠬᠢᠶᠠᠨ ᠪᠠᠶᠢᠭᠤᠯᠵᠤ ᠵᠣᠯ ᠵᠢᠷᠭᠠᠯᠲᠤ ᠭᠡᠷ ᠣᠷᠣᠨ ᠤ ᠬᠠᠮᠲᠤᠷᠠᠭᠰᠠᠨ | ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠪᠠᠷ ᠭᠤᠤᠯ ᠰᠡᠳᠦᠪ ᠪᠣᠯᠭᠠᠭᠰᠠᠨ ᠬᠥᠮᠦᠵᠢᠯ ᠤᠨ ᠠᠵᠢᠯ ᠤᠨ ᠬᠤᠷᠠᠯ ᠳᠤ ᠤᠷᠤᠯᠴᠠᠭᠤᠯᠪᠠ᠂ ᠬᠠᠮᠲᠤᠷᠠᠭᠰᠠᠨ | ᠨᠠᠮ ᠤᠨ ᠬᠤᠷᠢᠶ᠎ᠠ ᠶᠢᠨ ᠡᠯ᠎ᠡ ᠪᠦᠷᠢᠯᠳᠦᠬᠦᠨ ᠨᠢᠭᠡᠴᠡ ᠶᠢᠨ ᠬᠢᠨ ᠬᠤᠷᠠᠯ ᠳᠤ ᠰᠠᠭᠠᠳᠠᠵᠠᠢ᠃ | | | | | | | | | | | | | | | | | | | | ᠬᠤᠷᠠᠯ ᠤᠨ ᠠᠬᠤᠶ ᠲᠠᠯᠠᠪᠠᠢ ᠨᠢ ᠪᠸᠢ ᠮᠧᠨ ᠸᠠᠢ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ | ᠦᠢᠯᠡᠴᠢᠯᠡᠬᠡᠨ ᠤ ᠲᠥᠪ ᠲᠤ ᠪᠠᠶᠢᠷᠢᠯᠠᠵᠤ᠂ ᠬᠤᠷᠠᠯ ᠳᠤ ᠣᠷᠣᠯᠴᠠᠭᠰᠠᠨ ᠬᠥᠮᠦᠰ ᠡᠩ ᠲᠡᠷᠢᠭᠦᠨ ᠳᠤ ︽ | ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠸᠢᠴᠠᠲ ᠤᠨ ᠴᠤᠭᠯᠠᠷᠠᠯ ᠢ ᠪᠠᠶᠢᠭᠤᠯᠵᠤ᠂ ᠸᠢᠴᠠᠲ ᠤᠨ ᠲᠠᠪᠴᠠᠩ | ᠢ ᠠᠰᠢᠭᠯᠠᠨ ᠤᠯᠤᠰ ᠢᠶᠠᠨ ᠬᠦᠴᠦᠷᠬᠡᠭᠵᠢᠭᠦᠯᠬᠦ ᠮᠡᠳᠡᠯᠭᠡ ᠶᠢ ᠰᠤᠷᠤᠯᠴᠠᠵᠤ᠂ ᠰᠤᠷᠤᠯᠴᠠᠬᠤ ᠬᠠᠯᠠᠭᠤᠨ | ᠰᠡᠳᠬᠢᠯᠭᠡ ᠶᠢ ᠬᠦᠭᠵᠢᠬᠡᠨ᠂ ᠰᠠᠶᠢᠨ ᠰᠠᠢᠬᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠯᠠᠪᠠᠯ᠂ | ᠨᠠᠮ ᠤᠨ ᠬᠤᠷᠢᠶ᠎ᠠ ᠲᠠᠢ ᠬᠤᠯᠪᠣᠭᠠᠯᠠᠨ ︽ᠬᠠᠷᠢᠯᠴᠠᠨ ᠦᠨᠡᠯᠡᠬᠦ᠂ ᠬᠠᠷᠢᠯᠴᠠᠨ ᠰᠤᠷᠤᠯᠴᠠᠬᠤ᠂ ᠬᠠᠷᠢᠯᠴᠠᠨ | ᠠᠬᠢᠭᠤᠯᠬᠤ︾ ᠠᠵᠢᠯᠯᠠᠭ᠎ᠠ ᠬᠢᠵᠦ᠂ ᠬᠡᠰᠢᠬᠦᠳ ᠤᠨ ᠬᠤᠭᠤᠷᠣᠨᠳᠣᠬᠢ ᠰᠣᠯᠢᠯᠴᠠᠭ᠎ᠠ ᠪᠠ ᠦᠨᠡᠯᠡᠯᠲᠡ ᠪᠠᠷ | ᠳᠠᠮᠵᠢᠭᠤᠯᠤᠨ᠂ ᠬᠡᠰᠢᠬᠦᠨ ᠨᠢᠭᠡᠴᠢ ᠶᠢᠨ ᠠᠵᠢᠯ ᠤᠨ ᠢᠳᠡᠪᠬᠢᠵᠢᠯ ᠢ ᠳᠡᠭᠡᠭᠰᠢᠯᠡᠭᠦᠯᠵᠦ᠂ ᠬᠤᠯᠪᠣᠭᠠᠯᠠᠭᠰᠠᠨ ᠨᠠᠮ ᠤᠨ | ᠬᠤᠷᠢᠶᠠᠨ ᠤ ᠠᠵᠢᠯ ᠤᠨ ᠪᠦᠲᠦᠮᠵᠢᠲᠡᠶ ᠶᠢ ᠠᠬᠢᠭᠤᠯᠵᠤ᠂ ᠬᠤᠯᠪᠣᠭᠠᠯᠠᠭᠰᠠᠨ ᠨᠠᠮ ᠤᠨ ᠬᠤᠷᠢᠶᠠᠨ ᠤ ᠠᠵᠢᠯ ᠤᠨ | ᠨᠢᠭᠲᠠᠷᠠᠯ ᠤᠨ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠳᠬᠠᠬᠤ ᠳᠤ ᠴᠢᠬᠤᠯᠠ ᠦᠢᠯᠡᠳᠦᠯ ᠦᠵᠡᠭᠦᠯᠪᠡ᠃ | ᠬᠠᠮᠤᠭ ᠰᠡᠭᠦᠯ ᠳᠤ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶᠡᠰ ᠤᠨ ᠪᠠ ᠭᠤᠤᠯ ᠰᠡᠳᠦᠪᠲᠦ ᠬᠥᠮᠦᠵᠢᠯ ᠢ ᠵᠢᠯᠣᠭᠤᠳᠤᠨ ᠥᠷᠨᠢᠭᠦᠯᠬᠦ ᠳᠤ ᠳᠤᠷᠠᠳᠤᠭᠰᠠᠨ ︽ | ᠭᠤᠷᠪᠠᠨ ᠡᠷᠬᠡᠪᠰᠢ︾᠂ ︽ᠳᠥᠷᠪᠡ ᠶᠢ ᠪᠣᠳᠠᠲᠠᠶᠢᠵᠢᠭᠤᠯᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠤᠳᠤᠷᠢᠳᠬᠤ ᠪᠠᠭ ᠲᠦᠷᠦᠭᠦᠯᠡᠨ ᠵᠢᠱᠢᠶ᠎ᠡ ᠦᠵᠡᠭᠦᠯᠬᠦ | ᠦᠢᠯᠡᠳᠦᠯ ᠢ ᠬᠦᠢᠴᠡᠳ ᠪᠠᠳᠠᠷᠠᠭᠤᠯᠵᠤ᠂ ᠬᠠᠮᠤᠭ ᠰᠡᠭᠦᠯᠴᠢ ᠶᠢᠨ ᠨᠢᠭᠡ ᠺᠢᠯᠣᠮᠧᠲᠷ ᠤᠨ ᠠᠰᠠᠭᠤᠳᠠᠯ ᠢ | ᠪᠦᠲᠦᠮᠵᠢᠲᠡᠶ ᠰᠡᠢᠳᠪᠦᠷᠢᠯᠡᠵᠤ᠂ ᠨᠠᠮ ᠤᠨ ᠪᠠᠶᠢᠭᠤᠯᠤᠯᠲᠠ ᠶᠢᠨ ︽ᠲᠠᠪᠤᠨ ᠨᠢᠭᠡ ᠠᠵᠢᠯᠯᠠᠭ᠎ᠠ︾ ᠶᠢ ᠰᠠᠶᠢᠲᠤᠷ | ᠦᠷᠨᠢᠬᠦᠯᠬᠦ ᠬᠡᠷᠡᠭᠳᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠲᠠᠷᠠᠭ᠎ᠠ᠂ ᠪᠦᠬᠦ ᠨᠠᠮ ᠤᠨ ᠭᠡᠰᠢᠭᠦᠳ ᠯᠢᠨᠰᠢ ᠰᠢᠶᠠᠨ ᠤ ᠳ᠋ᠠ ᠶᠢᠩᠽᠢ ᠰᠢᠶᠠᠩ ᠤᠨ ᠵᠤᠤ | ᠤᠳᠠ ᠶᠢᠨ ᠰᠡᠬᠡᠭᠡᠲᠡᠨ ᠵᠠᠯᠠᠭᠤᠴᠤᠳ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠪᠡ᠃ ᠠᠵᠢᠯᠯᠠᠭᠠᠨ ᠳᠤ᠂ | ᠪᠦᠬᠦ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡᠰ ᠢ ᠤᠩᠰᠢᠵᠤ᠂ ᠲᠠᠷᠠᠭ᠎ᠠ ᠨᠢ ᠳᠤᠷᠠᠰᠬᠠᠯ ᠤᠨ | ᠣᠷᠳᠣᠨ ᠤ ᠠᠵᠢᠯᠲᠠᠳ ᠪᠦᠬᠦ ᠨᠠᠮ ᠤᠨ ᠭᠡᠰᠢᠭᠦᠳ ᠢ ᠳᠠᠭᠠᠭᠤᠯᠤᠨ ᠳᠤᠷᠠᠰᠬᠠᠯ ᠤᠨ ᠣᠷᠳᠣᠨ ᠵᠢᠴᠢ ᠰᠡᠬᠡᠭᠡᠲᠡᠨ | ᠵᠠᠯᠠᠭᠤᠴᠤᠳ ᠤᠨ ᠰᠠᠭᠤᠵᠤ ᠥᠩᠭᠡᠷᠡᠭᠰᠡᠨ ᠭᠡᠷ ᠢ ᠲᠣᠭᠤᠷᠢᠨ᠂ ᠣᠯᠠᠨ ᠢᠶᠠᠷ ᠢᠶᠠᠨ ᠳᠤᠷᠠᠰᠬᠠᠯ ᠤᠨ ᠣᠷᠳᠣᠨ ᠤ | ᠭᠡᠷᠡᠯ ᠵᠢᠷᠤᠭ ᠮᠠᠲ᠋ᠧᠷᠢᠶᠠᠯ ᠪᠣᠯᠤᠨ ᠪᠣᠳᠠᠲᠤ ᠪᠣᠳᠠᠰ ᠢ ᠨᠠᠷᠢᠨ ᠬᠢᠨᠠᠮᠠᠭᠠᠶ ᠦᠵᠡᠵᠦ᠂ ᠬᠥᠳᠡᠭᠡ ᠪᠠᠭᠤᠭᠰᠠᠨ | ᠰᠡᠬᠡᠭᠡᠲᠡᠨ ᠵᠠᠯᠠᠭᠤᠴᠤᠳ ᠤᠨ ᠬᠠᠲᠠᠭᠤᠵᠢᠯᠲᠠᠶ ᠣᠷᠴᠢᠨ ᠲᠣᠭᠤᠷᠢᠨ ᠳᠤ ᠴᠢᠷᠮᠠᠶᠢᠨ ᠲᠡᠮᠡᠴᠡᠭᠰᠡᠨ ᠦᠨᠳᠦᠰᠦᠲᠡᠨ ᠤ | ᠵᠣᠷᠢᠭ ᠰᠠᠨᠠᠭ᠎ᠠ ᠪᠣᠯᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠠᠷᠠᠮ ᠦᠭᠡᠢ | ᠵᠣᠷᠢᠭᠤᠯᠬᠤ ᠵᠣᠷᠢᠭ ᠰᠠᠨᠠᠭ᠎ᠠ ᠶᠢ ᠦᠢᠯᠠᠭᠠᠵᠠᠢ᠂ ᠭᠡᠰᠢᠭᠦᠳ ᠠᠴᠠ ᠰᠡᠬᠡᠭᠡᠲᠡᠨ ᠵᠠᠯᠠᠭᠤᠴᠤᠳ ᠤᠨ ᠠᠬᠠᠮᠠᠳ | ᠦᠶ᠎ᠡ ᠶᠢᠨ ᠬᠢᠨ ᠠᠴᠠ ᠲᠠᠭᠠᠨ ᠰᠤᠷᠤᠯᠴᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠵᠦ᠂ ᠠᠷᠠᠳ ᠲᠦᠮᠡᠨ ᠳᠤ ᠬᠦᠴᠢᠷ ᠠᠰᠠᠭᠤᠳᠠᠯ ᠢ ᠰᠡᠢᠳᠪᠦᠷᠢᠯᠡᠵᠤ | ᠥᠭᠭᠦᠨ᠎ᠡ ᠭᠡᠵᠦ ᠢᠯᠡᠳᠬᠡᠵᠡᠭᠡᠪᠡ᠃ | ᠲᠣᠰ ᠤᠳᠠᠭᠠᠨ ᠤ ᠠᠵᠢᠯᠯᠠᠭᠠᠨ ᠳᠤ ᠰᠡᠬᠡᠭᠡᠲᠡᠨ ᠵᠠᠯᠠᠭᠤᠴᠤᠳ ᠤᠨ ᠳᠤᠷᠠᠰᠬᠠᠯ ᠤᠨ ᠣᠷᠳᠣᠨ ᠢ | ᠲᠣᠭᠤᠷᠢᠨ ᠦᠵᠡᠵᠦ᠂ ᠪᠠᠭᠠᠲᠤᠷ ᠬᠥᠮᠦᠰ ᠤᠨ ᠦᠢᠯᠡ ᠠᠵᠢᠯᠯᠠᠭ᠎ᠠ ᠶᠢ ᠲᠣᠭᠤᠷᠢᠨ ᠦᠵᠡᠬᠦ ᠪᠠᠷ ᠳᠠᠮᠵᠢᠨ᠂ | ᠨᠠᠮ ᠤᠨ ᠭᠡᠰᠢᠭᠦᠨ ᠺᠠᠳ᠋ᠷᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ | ᠪᠠᠷᠠᠬᠤ ᠦᠭᠡᠢ᠂ ᠨᠠᠩ ᠴᠢᠬᠤᠯᠠ ᠨᠢ ᠪᠦᠬᠦ ᠨᠠᠮ ᠤᠨ ᠭᠡᠰᠢᠭᠦᠳ ᠲᠤ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠨᠠᠩ ᠰᠠᠶᠢᠲᠤᠷ | ᠦᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ | ᠤᠯᠠᠮᠵᠢᠯᠠᠨ ᠪᠠᠳᠠᠷᠠᠭᠤᠯᠵᠠᠢ᠃ | |