ᠯᠢᠨᠰᠢ ᠰᠢᠶᠠᠨ ᠤ ᠵᠡᠪᠰᠡᠭᠲᠦ ᠬᠦᠴᠦᠨ ᠤ ᠬᠡᠯᠲᠡᠰ ᠤᠨ ᠬᠢᠨ ᠳ᠋ᠠ ᠢᠩᠽᠢ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠳᠤ ᠬᠦᠷᠴᠦ ᠰᠤᠷᠤᠯᠭ᠎ᠠ ᠲᠡᠳᠬᠦᠬᠦ ᠠᠵᠢᠯᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2019-10-24
        10 ᠰᠠᠷ᠎ᠠ ᠶᠢᠨ 11᠎ ᠤ ᠦᠳᠡ ᠶᠢᠨ ᠡᠮᠦᠨ᠎ᠡ᠂  ᠯᠢᠨᠰᠢ ᠰᠢᠶᠠᠨ ᠤ ᠵᠡᠪᠰᠡᠭᠲᠦ ᠬᠦᠴᠦᠨ ᠤ ᠬᠡᠯᠲᠡᠰ ᠤᠨ ᠪᠦᠬᠦ ᠳᠠᠷᠤᠭ᠎ᠠ ᠪᠠᠶᠢᠯᠳᠤᠭᠴᠢᠳ ᠠᠴᠠ ᠰᠤᠷᠭᠠᠨ ᠬᠥᠮᠦᠵᠢᠯ ᠢ ᠬᠦᠨᠳᠦᠳᠬᠡᠨ ᠬᠠᠯᠠᠮᠵᠢᠯᠠᠵᠤ᠂ ᠬᠡᠤᠬᠡᠳ ᠤᠨ ᠰᠡᠳᠬᠢᠯ ᠢ ᠲᠤᠯᠠᠭᠠᠴᠠᠭᠤᠯᠬᠤ ᠪᠠᠷ᠂ ᠯᠢᠨᠰᠢ ᠰᠢᠶᠠᠨ ᠤ ᠳ᠋ᠠ ᠢᠩᠽᠢ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠬᠠᠮᠳᠤᠷᠠᠨ᠂ ᠳ᠋ᠠ ᠢᠩᠽᠢ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠳᠤ ᠢᠷᠡᠵᠦ ᠬᠠᠨᠳᠢᠪᠯᠠᠬᠤ ᠠᠵᠢᠯᠯᠠᠭᠠᠨ ᠥᠷᠨᠢᠭᠦᠯᠪᠡ᠃ ᠲᠣᠰ ᠤᠳᠠᠭᠠᠨ ᠤ ᠠᠵᠢᠯᠯᠠᠭᠠᠨ ᠳᠤ ᠯᠢᠨᠰᠢ ᠰᠢᠶᠠᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠴᠧᠨ ᠢᠦᠶ ᠯᠢᠶᠠᠩ᠂ ᠸᠠᠩ ᠺᠣᠮᠢᠰᠰᠠᠷ᠂ ᠯᠢᠦᠶ ᠵᠢᠩ ᠼᠧ᠂ ᠳ᠋ᠠ ᠢᠩᠽᠢ ᠰᠢᠶᠠᠩ ᠤᠨ ᠨᠠᠮ ᠤᠨ ᠬᠤᠷᠢᠶᠠᠨ ᠤ ᠱᠦᠵᠢ ᠪᠦᠦ ᠶᠠᠨ ᠯᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠶᠠᠨ ᠹᠠᠩ᠂ ᠹᠦ᠋ ᠯᠢᠶᠠᠩ ᠯᠢᠶᠠᠩ ᠣᠷᠣᠯᠴᠠᠪᠠ᠃
        ᠰᠠᠭᠤᠳᠠᠯ ᠤᠨ ᠬᠤᠷᠠᠯ ᠳᠡᠭᠡᠷ᠎ᠡ᠂ ᠰᠤᠷᠭᠠᠭᠤᠯᠢ ᠶᠢᠨ ᠵᠠᠬᠢᠷᠤᠯ ᠠᠴᠠ ᠡᠯ᠎ᠡ ᠤᠳᠤᠷᠢᠳᠤᠯᠭ᠎ᠠ ᠳᠤ ᠳ᠋ᠠ ᠢᠩᠽᠢ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ᠂ ᠪᠠᠭᠰᠢ ᠶᠢᠨ ᠬᠦᠴᠦᠨ ᠵᠢᠴᠢ ᠰᠤᠷᠤᠭᠴᠢ ᠶᠢᠨ ᠪᠠᠶᠢᠳᠠᠯ ᠢ ᠲᠠᠨᠢᠯᠴᠠᠭᠤᠯᠪᠠ᠃ ᠴᠧᠨ ᠬᠡᠯᠲᠡᠰ ᠤᠨ ᠳᠠᠷᠤᠭ᠎ᠠ ᠵᠡᠷᠭᠡ ᠤᠳᠤᠷᠢᠳᠤᠯᠭ᠎ᠠ ᠨᠠᠷ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢᠳ ᠢ ᠬᠠᠯᠠᠮᠵᠢᠯᠠᠵᠤ ᠪᠠᠶᠢᠭ᠎ᠠ ᠰᠡᠳᠬᠢᠯᠭᠡ ᠪᠠᠨ ᠢᠯᠡᠳᠬᠡᠭᠰᠡᠨ ᠪᠥᠭᠡᠳ ᠬᠦᠰᠡᠯ ᠡᠷᠡᠮᠡᠯᠵᠡᠯ ᠢᠶᠠᠨ ᠲᠤᠷᠠᠳᠤᠭᠰᠠᠨ ᠪᠠᠶᠢᠨ᠎ᠠ᠃        ᠰᠤᠷᠭᠠᠭᠤᠯᠢ ᠶᠢᠨ ᠵᠠᠬᠢᠷᠤᠯ ᠠᠴᠠ ᠵᠡᠪᠰᠡᠭᠲᠦ ᠬᠦᠴᠦᠨ ᠤ ᠬᠡᠯᠲᠡᠰ ᠤᠨ ᠬᠢᠨ ᠰᠤᠷᠤᠭᠴᠢᠳ ᠲᠤ ᠡᠯᠪᠡᠭ ᠪᠠᠶᠠᠯᠢᠭ ᠰᠤᠷᠤᠯᠭ᠎ᠠ ᠶᠢᠨ ᠬᠡᠷᠡᠭᠰᠡᠯ ᠪᠡᠯᠡᠭᠯᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠬᠡᠤᠬᠡᠳ ᠢ ᠰᠢᠷᠭᠠᠭᠤ ᠰᠤᠷᠤᠯᠴᠠᠨ ᠴᠢᠷᠮᠠᠶᠢᠨ ᠰᠤᠷᠤᠯᠴᠠᠵᠤ᠂ ᠲᠣᠮᠣ ᠪᠣᠯᠤᠭᠰᠠᠨ ᠤ ᠳᠠᠷᠠᠭ᠎ᠠ ᠡᠬᠡ ᠤᠯᠤᠰ ᠲᠠᠭᠠᠨ ᠬᠦᠴᠦ ᠪᠠᠨ ᠡᠷᠭᠦᠵᠦ᠂ ᠨᠤᠲᠤᠭ ᠤᠰᠤᠨ ᠳᠠᠭᠠᠨ ᠬᠤᠪᠢ ᠨᠡᠮᠡᠷᠢ ᠪᠠᠨ ᠦᠵᠡᠬᠦᠯᠬᠦ ᠬᠡᠷᠡᠭᠳᠠᠢ ᠬᠡᠵᠤ ᠬᠦᠰᠡᠨ ᠱᠠᠭᠠᠷᠳᠠᠵᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号