ᠵᠦᠩ ᠬᠤᠸᠠ ᠪᠦᠯᠦᠭᠯᠡᠯ ᠤᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠨᠢᠩ ᠭᠤᠤ ᠨᠢᠩ ᠯᠢᠨᠰᠢ ᠰᠢᠶᠠᠨ ᠤ ᠳ᠋ᠦᠩ ᠱᠠᠨ ᠠᠮᠢ ᠠᠬᠤᠶ ᠪᠠᠷ ᠶᠠᠳᠠᠭᠤ ᠶᠢ ᠲᠡᠳᠬᠦᠬᠦ ᠦᠢᠯᠡᠰ ᠤᠨ ᠬᠦᠷᠢᠶᠡᠯᠡᠩ ᠤᠨ ᠥᠨᠳᠥᠷ ᠪᠠᠷᠢᠮᠵᠢᠶᠠᠲᠤ ᠲᠥᠬᠦᠭᠡᠷᠦᠮᠵᠢᠲᠦ ᠲᠠᠷᠢᠶᠠᠯᠠᠩ ᠤᠨ ᠲᠥᠷᠥᠯ ᠵᠦᠢᠯ ᠎ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-10-24
         ᠦᠢᠷ᠎ᠠ ᠶᠢᠨ ᠡᠳᠦᠷ᠂ ᠵᠦᠩ ᠬᠤᠸᠠ ᠪᠦᠯᠦᠭᠯᠡᠯ ᠤᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠨᠢᠩ ᠭᠤᠤ ᠨᠢᠩ ᠵᠦᠩ ᠬᠤᠸᠠ ᠪᠦᠯᠦᠭᠯᠡᠯ ᠤᠨ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠯᠢᠨᠰᠢ ᠰᠢᠶᠠᠨ ᠤ ᠳ᠋ᠦᠩ ᠱᠠᠨ ᠠᠮᠢ ᠠᠬᠤᠶ ᠪᠠᠷ ᠶᠠᠳᠠᠭᠤ ᠶᠢ ᠲᠡᠳᠬᠦᠬᠦ ᠦᠢᠯᠡᠰ ᠤᠨ ᠬᠦᠷᠢᠶᠡᠯᠡᠩ ᠤᠨ ᠥᠨᠳᠥᠷ ᠪᠠᠷᠢᠮᠵᠢᠶᠠᠲᠤ ᠲᠥᠬᠦᠭᠡᠷᠦᠮᠵᠢᠲᠦ ᠲᠠᠷᠢᠶᠠᠯᠠᠩ ᠤᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠵᠤᠤ ᠬᠤᠢ᠂ ᠬᠤᠲᠠ᠂ ᠰᠢᠶᠠᠨ ᠤ ᠤᠳᠤᠷᠢᠳᠤᠯᠭ᠎ᠠ ᠰᠢᠨ ᠳ᠋ᠦᠩ ᠬᠤᠸᠠ᠂ ᠸᠠᠩ ᠭᠦᠸᠧ ᠰᠧᠨ᠂ ᠲᠢᠶᠠᠨ ᠰᠢᠶᠠᠩ ᠼᠦᠨ᠂ ᠹᠦ᠋ ᠱᠧᠤ ᠯᠢ᠂ ᠵᠠᠩ ᡁᠢ ᠸᠧᠶ᠂ ᠬᠤ᠋ ᠼᠠᠢ ᡁᠢ ᠨᠡᠷ ᠪᠠᠷ᠎ᠠ ᠪᠣᠯᠪᠠ᠃        ᠳᠤᠮᠳᠠᠳᠤ ᠤᠯᠤᠰ ᠤᠨ ᠵᠦᠩ ᠬᠤᠸᠠ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠨᠳᠥᠷ ᠪᠠᠷᠢᠮᠵᠢᠶᠠᠲᠤ ᠲᠥᠬᠦᠭᠡᠷᠦᠮᠵᠢᠲᠦ ᠲᠠᠷᠢᠶᠠᠯᠠᠩ ᠤᠨ ᠲᠥᠷᠥᠯ ᠵᠦᠢᠯ ᠪᠣᠯ ᠯᠢᠨᠰᠢ ᠰᠢᠶᠠᠨ ᠤ ᠳ᠋ᠦᠩ ᠱᠠᠨ ᠠᠮᠢ ᠠᠬᠤᠶ ᠪᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠤᠨ ᠴᠢᠬᠤᠯᠠ ᠪᠦᠷᠢᠯᠳᠦᠬᠦᠨ ᠬᠡᠰᠡᠭ ᠪᠠ ᠠᠵᠤ ᠦᠢᠯᠡᠰ ᠤᠨ ᠲᠦᠰᠢᠭ ᠪᠣᠯᠤᠨ᠎ᠠ᠂ ᠲᠣᠰ ᠲᠥᠷᠥᠯ ᠵᠦᠢᠯ ᠢ ᠴᠧᠩ ᠨᠠᠨ ᠵᠡᠭᠡᠯᠢ ᠭᠤᠳᠤᠮᠵᠢ ᠠᠴᠠ ᠬᠠᠷᠢᠭᠤᠴᠠᠨ ᠬᠡᠷᠡᠭᠵᠢᠭᠦᠯᠵᠦ᠂ ᠲᠥᠷᠥᠯ ᠵᠦᠢᠯ ᠨᠢ ᠳ᠋ᠦᠩ ᠱᠠᠨ ᠠᠮᠢ ᠠᠬᠤᠶ ᠪᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠤᠨ ᠭᠤᠤᠯ ᠬᠡᠰᠡᠭ ᠲᠤ ᠪᠠᠶᠢᠷᠢᠯᠠᠵᠤ ᠪᠣᠶ᠃ ᠲᠣᠭᠤᠷᠢᠨ ᠦᠵᠡᠵᠦ ᠲᠡᠭᠦᠬᠦ᠂ ᠠᠮᠢ ᠠᠬᠤᠢ ᠶᠢᠨ ᠵᠢᠭᠤᠯᠴᠢᠯᠠᠯ᠂ ᠰᠡᠯᠡᠭᠦᠴᠡᠯ ᠤᠨ ᠲᠠᠷᠢᠶᠠᠯᠠᠩ᠂ ᠵᠠᠩ ᠠᠭᠠᠯᠢ ᠰᠣᠶᠣᠯ ᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠲᠦᠯᠦᠪᠯᠡᠭᠡ ᠬᠢᠵᠤ᠂ ᠶᠡᠷᠦᠩᠬᠡᠶ ᠲᠠᠯᠠᠪᠠᠢ ᠨᠢ 120 ᠮᠦ᠂ ᠶᠡᠷᠦᠩᠬᠡᠶ ᠪᠡᠯᠡ ᠣᠷᠣᠭᠤᠯᠤᠯᠲᠠ ᠨᠢ 630 ᠲᠦᠮᠡᠨ ᠲᠥᠭᠦᠷᠢᠭ᠂ ᠤᠰᠤᠨ ᠤ ᠢᠯᠴᠢ ᠬᠠᠳᠠᠭᠠᠯᠠᠬᠤ ᠳᠣᠲᠣᠷ᠎ᠠ ᠭᠠᠳᠠᠨᠠᠬᠢ ᠬᠤᠤᠰ ᠳᠤᠯᠠᠭᠠᠨ ᠢ ᠬᠠᠳᠠᠭᠠᠯᠠᠬᠤ ᠤᠭᠰᠠᠷᠠᠮᠠᠯ ᠮᠠᠶ᠋ᠢᠭ ᠤᠨ ᠤᠶᠤᠨᠲᠤ ᠬᠦᠯᠡᠮᠵᠢ 12 ᠰᠠᠭᠤᠷᠢ ᠪᠠᠶᠢᠭᠤᠯᠵᠤ᠂ 2019᠎ ᠤᠨ 10 ᠳ᠋ᠤᠭᠠᠷ ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃         ᠲᠣᠰ ᠲᠥᠷᠥᠯ ᠵᠦᠢᠯ ᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠠᠴᠠ ᠵᠢᠷᠤᠭᠯᠠᠨ ᠲᠥᠯᠥᠪᠯᠡᠵᠦ ᠰᠤᠳᠤᠯᠤᠨ ᠨᠡᠭᠡᠭᠡᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠥᠨᠳᠥᠷ᠂ ᠳᠤᠯᠠᠭᠠᠨ ᠢ ᠪᠠᠳᠤᠯᠠᠨ᠂  ᠵᠤᠬᠢᠴᠠᠬᠤ ᠴᠢᠨᠠᠷ ᠢᠶᠠᠷ ᠰᠠᠶᠢᠨ᠂ ᠣᠶᠤᠨᠴᠢᠯᠠᠭᠰᠠᠨ ᠬᠢᠷᠢ ᠬᠡᠮᠵᠢᠶ᠎ᠡ ᠪᠠᠷ ᠲᠡᠷᠢᠭᠦᠨ ᠵᠡᠷᠭᠡ ᠳᠠᠪᠠᠭᠤᠯᠢᠭ ᠲᠠᠯ᠎ᠠ ᠲᠠᠢ᠂ ᠤᠮᠠᠷᠠᠲᠤ ᠣᠷᠣᠨ ᠤ ᠬᠠᠬᠢᠷ ᠬᠦᠢᠲᠡᠨ ᠭᠠᠵᠠᠷ ᠣᠷᠣᠨ ᠳᠤ ᠨᠡᠯᠢᠶᠡᠳ ᠡᠯᠪᠡᠭ ᠠᠭᠤᠯᠤᠭᠳᠠᠬᠤᠨ ᠲᠠᠢ ᠪᠠ ᠳᠡᠯᠭᠡᠷᠡᠭᠦᠯᠬᠦ ᠦᠨ᠎ᠡ ᠥᠷᠲᠡᠭ ᠲᠠᠢ ᠰᠢᠨ᠎ᠡ ᠬᠡᠯᠪᠡᠷᠢ ᠶᠢᠨ  ᠲᠦᠬᠦᠬᠡᠷᠦᠮᠵᠢᠳᠦ ᠲᠠᠷᠢᠶᠠᠯᠠᠩ ᠪᠣᠯᠤᠨ᠎ᠠ᠂ ᠪᠠᠶᠢᠭᠤᠯᠤᠭᠰᠠᠨ ᠤ ᠳᠠᠷᠠᠭ᠎ᠠ ᠲᠣᠰ ᠭᠠᠵᠠᠷ ᠣᠷᠣᠨ ᠵᠢᠴᠢ ᠡᠷᠭᠢᠨ ᠲᠣᠭᠤᠷᠢᠨ ᠤ ᠲᠦᠬᠦᠬᠡᠷᠦᠮᠵᠢᠳᠦ ᠲᠠᠷᠢᠶᠠᠯᠠᠩ ᠤᠨ ᠲᠥᠷᠥᠯ ᠵᠦᠢᠯ ᠳᠤ ᠨᠡᠯᠢᠶᠡᠳ ᠴᠢᠩᠭ᠎ᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠪᠥᠭᠡᠳ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠤᠮᠳᠠ ᠢᠳᠡᠪᠬᠢᠲᠡᠢ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠪᠣᠯᠤᠨ᠎ᠠ᠃ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠨᠡᠯᠢᠶᠡᠳ ᠥᠨᠳᠥᠷ ᠪᠥᠭᠡᠳ ᠣᠷᠣᠨ ᠪᠠᠶᠢᠷᠢᠰᠢᠯ ᠲᠠᠪᠠᠭᠤᠯᠢᠭ ᠪᠠᠶᠢᠬᠤ ᠶᠢ ᠦᠨᠳᠦᠰᠦᠯᠡᠨ᠂ ᠶᠠᠳᠠᠭᠤ ᠶᠢ ᠲᠡᠳᠬᠦᠬᠦ ᠦᠷ᠎ᠡ ᠪᠦᠲᠦᠮᠵᠢ ᠶᠢ ᠲᠤᠪᠤᠶᠢᠯᠭᠠᠬᠤ ᠶᠢᠨ ᠲᠤᠰᠠᠳᠠ᠂ ᠬᠤᠸᠠᠷ ᠴᠡᠴᠡᠭ ᠢ ᠲᠠᠷᠢᠵᠤ ᠤᠷᠭᠤᠭᠤᠯᠬᠤ ᠪᠤᠶᠤ ᠵᠢᠮᠢᠰ᠂ ᠢᠳᠡᠰᠢᠨ ᠨᠣᠭᠤᠭ᠎ᠠ ᠲᠠᠷᠢᠬᠤ ᠵᠡᠷᠭᠡ ᠦᠷ᠎ᠡ ᠠᠰᠢᠭ ᠶᠡᠬᠡᠲᠡᠶ ᠠᠵᠢᠯ ᠲᠥᠷᠥᠯ ᠳᠤ ᠬᠡᠷᠡᠭᠯᠡᠬᠦ ᠪᠠᠷ ᠲᠥᠯᠥᠪᠯᠡᠵᠦ ᠪᠤᠢ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠥᠷᠥᠯ ᠵᠦᠢᠯ ᠢ ᠪᠦᠬᠦᠯᠢ ᠴᠣᠭᠴᠠ ᠪᠠᠷ ᠨᠢ ᠳ᠋ᠦᠩ ᠱᠠᠨ ᠤ ᠠᠮᠢ ᠠᠬᠤᠶ ᠪᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠡᠬᠦᠯᠬᠡᠨ ᠰᠢᠯᠵᠢᠬᠦᠯᠦᠭᠰᠡᠨ ᠰᠢᠨ᠎ᠡ ᠲᠣᠰᠬᠤᠨ ᠤ 100 ᠡᠷᠦᠬᠡ ᠶᠢᠨ 242 ᠨᠡᠷ᠎ᠠ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠭᠤᠤᠯᠯᠠᠭᠴᠢ ᠠᠵᠤ ᠦᠢᠯᠡᠰ ᠪᠣᠯᠭᠠᠨ ᠡᠵᠡᠩᠨᠡᠬᠦ ᠶᠢᠨ ᠬᠠᠮᠲᠤ᠂ ᠲᠤᠰᠬᠠᠶ ᠮᠡᠷᠭᠡᠵᠢᠯ ᠤᠨ ᠪᠦᠯᠬᠦᠮ ᠨᠡᠶᠢᠲᠡ ᠶᠢ ᠤᠷᠢᠵᠤ ᠪᠦᠬᠦ ᠶᠠᠪᠤᠴᠠ ᠳᠤ ᠮᠥᠷᠳᠡᠨ ᠵᠢᠯᠣᠭᠤᠳᠴᠤ᠂ ᠲᠦᠯᠦᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠶᠢᠨ ᠤᠯᠭᠤᠮᠵᠢ ᠶᠢᠨ ᠨᠣᠷᠮ᠎ᠠ ᠶᠢᠨ 8 %᠎ ᠠᠴᠠ ᠳᠡᠭᠡᠭᠰᠢ ᠪᠤᠯᠤᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号