ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠬᠥᠳᠡᠭᠡ ᠲᠣᠰᠬᠤᠨ ᠳᠤ ᠬᠦᠷᠴᠦ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2019-10-28
        ᠦᠢᠷ᠎ᠠ ᠳᠤ᠂ ᠥᠪᠥᠷ ᠮᠣᠩᠭᠤᠯ ᠤᠨ ᠨᠢᠭᠡᠳᠦᠮᠡᠯ ᠹᠷᠣᠨᠲ ᠤᠨ ᠲᠤᠰᠬᠠᠶ ᠮᠡᠷᠭᠡᠵᠢᠯᠲᠡᠨ ᠤ ᠦᠢᠯᠡᠴᠢᠯᠡᠬᠡᠨ ᠤ ᠪᠦᠯᠬᠦᠮ ᠵᠢᠴᠢ ᠥᠪᠥᠷ ᠮᠣᠩᠭᠤᠯ ᠤᠨ ᠬᠠᠷᠢᠶᠠᠲᠤ ᠨᠠᠷ ᠤᠨ ᠬᠤᠯᠪᠣᠭ᠎ᠠ ᠶᠢᠨ ︽ᠬᠠᠷᠢᠶᠠᠲᠤ ᠶᠢᠨ ᠬᠠᠶᠢᠷ᠎ᠠ ᠬᠠᠯᠠᠮᠵᠢ — ᠬᠠᠯᠠᠭᠤᠨ ᠲᠤᠯᠠᠭᠠᠨ ᠬᠦᠷᠭᠡᠬᠦ ᠡᠮᠴᠢᠯᠡᠭᠡᠨ ᠤ ᠠᠩᠭᠢ︾ ᠯᠢᠨᠰᠢ ᠪᠠᠯᠭᠠᠰᠤᠨ ᠤ ᠴᠠᠩ ᠱᠧᠩ ᠲᠣᠰᠬᠤᠨ ᠳᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
       ᠣᠶᠢᠯᠠᠭᠠᠭᠰᠠᠨ ᠢᠶᠠᠷ᠂ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠲᠤᠬᠠᠶ ᠶᠢᠨ ᠲᠠᠯᠠᠪᠠᠢ ᠳᠤ ᠮᠡᠳᠡᠷᠡᠯ ᠤᠨ ᠳᠣᠲᠣᠷ ᠰᠠᠯᠠᠭ᠎ᠠ᠂ ᠵᠢᠷᠦᠬᠡ ᠴᠢᠰᠤᠨ ᠰᠤᠳᠠᠯ ᠤᠨ ᠡᠪᠡᠳᠴᠢᠨ ᠤ ᠰᠠᠯᠠᠭ᠎ᠠ᠂ ᠬᠡᠷᠡᠬᠦ ᠡᠪᠡᠳᠴᠢᠨ ᠤ ᠡᠭᠡᠯᠢᠯᠡᠭᠡ ᠶᠢᠨ ᠰᠠᠯᠠᠭ᠎ᠠ᠂ ᠪᠢᠴᠢᠯ ᠰᠢᠷᠬᠠᠨ ᠤ ᠳᠣᠲᠣᠷ ᠰᠠᠯᠠᠭ᠎ᠠ᠂ ᠬᠥᠩᠭᠡᠵᠢᠭᠦᠯᠬᠦ ᠰᠠᠯᠠᠭ᠎ᠠ ᠵᠡᠷᠭᠡ ᠵᠢᠷᠭᠤᠭᠠᠨ ᠲᠤᠰᠬᠠᠶ ᠮᠡᠷᠭᠡᠵᠢᠯᠲᠡᠨ ᠤ ᠠᠰᠠᠭᠤᠨ ᠯᠠᠪᠯᠠᠬᠤ ᠲᠠᠪᠴᠠᠩ ᠭᠠᠷᠭᠠᠵᠠᠶ᠃ ᠰᠤᠷᠠᠭ ᠢᠶᠠᠷ ᠢᠷᠡᠵᠦ ᠡᠮᠨᠡᠭᠦᠯᠦᠭᠰᠡᠨ ᠣᠯᠠᠨ ᠲᠦᠮᠡᠨ ᠲᠠᠰᠤᠷᠠᠯᠲᠠ ᠦᠭᠡᠢ ᠴᠤᠪᠤᠷᠠᠵᠤ᠂ ᠮᠡᠷᠭᠡᠵᠢᠯᠲᠡᠨ ᠨᠡᠷ ᠡᠪᠡᠳᠴᠢᠨ ᠤ ᠪᠠᠶᠢᠳᠠᠯ ᠢ ᠨᠠᠷᠢᠨ ᠮᠦᠷᠳᠡᠬᠡᠨ ᠬᠦᠯᠢᠴᠡᠩᠭᠦᠢ ᠠᠰᠠᠭᠤᠨ ᠯᠠᠪᠯᠠᠬᠤ ᠶᠢᠨ ᠬᠠᠮᠲᠤ ᠡᠪᠡᠳᠴᠢᠨ ᠤ ᠪᠠᠶᠢᠳᠠᠯ ᠳᠤ ᠴᠢᠭᠯᠡᠭᠦᠯᠦᠨ ᠡᠮᠨᠡᠨ ᠵᠠᠰᠠᠬᠤ ᠲᠥᠰᠦᠯ ᠢ ᠳᠤᠷᠠᠳᠤᠨ ᠭᠠᠷᠭᠠᠵᠠᠶ᠃        ᠠᠯᠪᠠᠨ ᠵᠢᠷᠤᠮ ᠤᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠨᠡᠷ ᠲᠤᠰᠬᠠᠶ ᠮᠡᠷᠭᠡᠵᠢᠯ ᠤᠨ ᠨᠠᠷᠢᠯᠢᠭ ᠬᠠᠷᠢᠭᠤᠯᠲᠠ ᠪᠠ ᠬᠠᠯᠠᠭᠤᠮᠰᠤᠭ ᠬᠦᠯᠢᠴᠡᠩᠭᠦᠶ ᠦᠢᠯᠡᠴᠢᠯᠡᠭᠡ ᠪᠠᠷ ᠴᠠᠩ ᠱᠧᠩ ᠲᠣᠰᠬᠤᠨ ᠤ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠤ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠡᠮᠴᠢᠯᠡᠭᠦᠯᠦᠭᠰᠡᠨ ᠣᠯᠠᠨ ᠲᠦᠮᠡᠨ ᠳᠤ ᠥᠪᠡᠷ ᠤᠨ ᠪᠡᠶ᠎ᠡ ᠶᠢᠨ ᠪᠠᠶᠢᠳᠠᠯ ᠢᠶᠠᠨ ᠴᠠᠭ ᠲᠤᠬᠠᠶ ᠳᠤᠨᠢ ᠣᠶᠢᠯᠠᠭᠠᠭᠤᠯᠵᠤ᠂ ᠴᠠᠭ ᠲᠤᠬᠠᠶ ᠳᠤᠨᠢ ᠡᠮᠨᠡᠨ ᠵᠠᠰᠠᠬᠤ ᠪᠠ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠣᠯᠠᠨ ᠲᠦᠮᠡᠨ ᠤ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠳᠡᠭᠡᠭᠰᠢᠯᠡᠭᠦᠯᠵᠦ᠂ ᠡᠮᠨᠡᠭᠦᠯᠬᠦ ᠪᠠᠷ ᠢᠷᠡᠭᠰᠡᠨ ᠣᠯᠠᠨ ᠲᠦᠮᠡᠨ ᠳᠤ ︽ᠭᠡᠷ ᠤᠨ ᠡᠭᠦᠳᠡᠨ︾᠎ ᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠪᠡ᠃        ᠪᠦᠷᠢᠳᠬᠡᠯ ᠢ ᠦᠨᠳᠦᠰᠦᠯᠡᠪᠡᠯ᠂ ᠨᠡᠶᠢᠲᠡ 60 ᠭᠠᠷᠤᠶ ᠶᠠᠳᠠᠭᠤ ᠬᠦᠴᠢᠷᠳᠡᠯᠲᠡᠶ ᠣᠯᠠᠨ ᠲᠦᠮᠡᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠶᠢ ᠬᠦᠷᠲᠡᠵᠦ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠪᠠᠰᠠ ᠬᠦᠴᠢᠷᠳᠡᠯᠲᠡᠶ ᠣᠯᠠᠨ ᠲᠦᠮᠡᠨ ᠳᠤ ᠦᠷᠭᠦᠯᠵᠢ ᠬᠡᠷᠡᠭᠯᠡᠬᠦ ᠡᠮ ᠤᠨ ᠵᠦᠢᠢᠯ ᠢ ᠰᠦᠢᠳᠬᠡᠯ ᠬᠤᠷᠢᠶᠠᠬᠤ ᠦᠭᠡᠢ ᠪᠠᠷ ᠲᠦᠭᠡᠭᠡᠵᠦ ᠥᠭᠴᠡᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号