ᠦᠩᠬᠡᠷᠡᠭᠰᠡᠨ ᠳᠤ ᠯᠢᠨᠰᠢ ᠰᠢᠶᠠᠨ ᠤ ᠱᠡᠬᠡᠷᠳᠦ ᠰᠢᠶᠠᠩ ᠤᠨ ᠪᠠᠶᠢᠭᠠᠯᠢ ᠶᠢᠨ ᠨᠥᠬᠦᠴᠡᠯ ᠪᠠᠷᠤᠭᠲᠠᠶ᠂ | ᠠᠵᠤ ᠠᠬᠤᠢ ᠶᠢᠨ ᠰᠠᠭᠤᠷᠢ ᠪᠠᠭᠤᠷᠠᠶ᠂ ᠶᠠᠳᠠᠭᠤ ᠬᠦᠴᠢᠷᠳᠠᠯᠳᠠᠢ ᠪᠠᠶᠢᠵᠤ᠂ ᠦᠢᠷ᠎ᠠ ᠶᠢᠨ ᠵᠢᠯ ᠳᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠯᠠᠯᠳᠤᠭᠠᠨ ᠤ ᠪᠦᠷᠢᠶ᠎ᠡ ᠬᠠᠩᠬᠢᠨᠠᠬᠤ ᠶᠢ ᠳᠠᠭᠠᠯᠳᠤᠨ᠂ ᠱᠡᠬᠡᠷᠳᠦ | ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠣᠨᠢᠨ ᠲᠡᠬᠡᠷ᠎ᠠ ᠨᠢ ᠬᠦᠴᠦᠯᠡᠨ᠂ ᠳ᠋ᠠ ᠺᠠᠩ ᠠᠵᠤ | ᠦᠢᠯᠡᠰ ᠤᠨ ᠬᠦᠷᠢᠶᠡᠯᠡᠩ ᠢ ᠶᠡᠬᠡᠪᠡᠷ ᠬᠥᠭᠵᠢᠭᠦᠯᠵᠦ᠂ ︽ᠨᠠᠮ ᠤᠨ ᠪᠠᠶᠢᠭᠤᠯᠤᠯᠳᠠ ᠪᠠᠷ ᠲᠠᠪᠴᠠᠩ ᠪᠤᠯᠭᠠᠨ᠂ | ᠨᠠᠮ ᠤᠨ ᠡᠭᠦᠷ ᠲᠤᠯᠤᠭᠠᠶᠢᠯᠠᠵᠤ᠂ ᠨᠠᠮ ᠤᠨ ᠭᠡᠰᠢᠭᠦᠨ ᠲᠠᠭᠠᠭᠤᠯᠤᠨ᠂ ᠴᠢᠳᠠᠪᠤᠷᠢᠲᠠᠨ ᠳᠠᠶᠢᠴᠢᠯᠠᠬᠤ᠂ ᠣᠯᠠᠨ | ᠲᠦᠮᠡᠨ ᠣᠷᠣᠯᠴᠠᠬᠤ᠂ ᠠᠵᠤ ᠦᠢᠯᠡᠰ ᠢ ᠪᠦᠷᠬᠦᠬᠦᠯᠬᠦ︾ ᠪᠠᠷ ᠳᠠᠮᠵᠢᠭᠤᠯᠤᠨ ᠪᠦᠬᠦ ᠰᠢᠶᠠᠩ ᠤᠨ ᠲᠠᠷᠢᠶᠠᠴᠢᠳ ᠢ | ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠵᠠᠮ ᠢᠶᠠᠷ ᠵᠠᠮᠨᠠᠪᠠ᠃ | 2016 ᠤᠨ ᠳᠤ ᠱᠡᠬᠡᠷᠳᠦ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠡᠯᠡ ᠣᠷᠣᠭᠤᠯᠵᠤ | ᠲᠥᠯᠥᠪᠵᠢᠭᠦᠯᠦᠨ ᠲᠥᠬᠦᠭᠡᠷᠦᠮᠵᠢᠲᠦ ᠲᠠᠷᠢᠶᠠᠯᠠᠩ ᠤᠨ ᠲᠣᠮᠣ ᠫᠧᠩ ᠢ ᠪᠦᠳᠦᠬᠡᠨ ᠪᠠᠶᠢᠭᠤᠯᠪᠠ᠃ 2017 | ᠣᠨ ᠳᠤ᠂ ᠱᠡᠬᠡᠷᠳᠦ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠰᠢᠶᠠᠩ ᠤᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ | ᠬᠢᠬᠦ ᠪᠠᠷ ᠳᠠᠮᠵᠢᠨ᠂ ᠲᠥᠬᠦᠭᠡᠷᠦᠮᠵᠢᠲᠦ ᠲᠠᠷᠢᠶᠠᠯᠠᠩ ᠢ ᠡᠬᠢᠯᠡᠨ ᠬᠡᠷᠡᠭᠵᠢᠭᠦᠯᠪᠡ᠃ ᠭᠡᠲᠡᠯ᠎ᠡ ᠭᠠᠵᠠᠷ ᠰᠢᠷᠣᠶ ᠶᠢ | ᠡᠷᠭᠢᠯᠲᠡ ᠳᠤ ᠣᠷᠣᠭᠤᠯᠬᠤ ᠪᠠᠷ ᠪᠡᠯᠡᠳᠬᠡᠬᠦ ᠳᠤ ᠬᠦᠴᠢᠷ ᠪᠡᠷᠬᠡᠰᠢᠶᠡᠯ ᠲᠤᠯᠭᠠᠷᠠᠵᠠᠶ᠃ | ᠲᠣᠰᠬᠤᠨ ᠤ ᠠᠷᠠᠳ ᠲᠤ ᠲᠥᠬᠦᠭᠡᠷᠦᠮᠵᠢᠲᠦ ᠲᠠᠷᠢᠶᠠᠯᠠᠩ ᠢ ᠦᠨᠡᠩᠬᠦ ᠦᠢᠯᠠᠭᠠᠭᠤᠯᠬᠤ ᠶᠢᠨ ᠲᠥᠯᠥᠭᠡ᠂ | ᠱᠡᠬᠡᠷᠳᠦ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠤᠷᠢᠳᠠᠪᠠᠷ ᠪᠠᠭ᠎ᠠ ᠬᠡᠮᠵᠢᠶᠡᠨ ᠤ ᠡᠷᠭᠢᠯᠲᠡ ᠳᠤ | ᠣᠷᠣᠭᠤᠯᠤᠭᠰᠠᠨ ᠭᠠᠵᠠᠷ ᠰᠢᠷᠣᠶ ᠶᠢ ᠲᠤᠷᠰᠢᠯᠲᠠ ᠶᠢᠨ ᠲᠠᠷᠢᠶ᠎ᠠ ᠪᠣᠯᠭᠠᠵᠤ᠂ 4 ᠲᠣᠭᠤᠷᠢᠭ ᠬᠤᠪᠢᠶᠠᠨ᠂ 45 | ᠬᠦᠯᠡᠮᠵᠢ ᠪᠠᠶᠢᠭᠤᠯᠤᠭᠰᠠᠨ ᠪᠥᠭᠡᠳ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ᠂ ᠨᠠᠮ ᠤᠨ ᠪᠠᠭ᠎ᠠ | ᠳᠤᠭᠤᠶᠢᠯᠠᠩ ᠤᠨ ᠳᠠᠷᠤᠭ᠎ᠠ᠂ ᠨᠠᠮ ᠤᠨ ᠭᠡᠰᠢᠭᠦᠨ ᠲᠥᠯᠥᠭᠡᠯᠡᠭᠴᠢ᠂ ᠲᠤᠰᠬᠤᠨ ᠤ ᠠᠷᠠᠳ ᠤᠨ ᠲᠥᠯᠥᠭᠡᠯᠡᠭᠴᠢ ᠶᠢ | ᠢᠳᠡᠪᠬᠢᠲᠡᠢ ᠳᠠᠶᠢᠴᠢᠯᠠᠨ ᠵᠢᠱᠢᠶ᠎ᠡ ᠦᠵᠡᠭᠦᠯᠦᠨ ᠲᠠᠷᠢᠬᠤ ᠪᠠᠷ ᠲᠤᠭᠳᠠᠭᠰᠠᠨ ᠪᠠᠶᠢᠨ᠎ᠠ᠃ | ᠲᠤᠷᠰᠢᠯᠲᠠ ᠶᠢᠨ ᠲᠠᠷᠢᠶ᠎ᠠ ᠨᠢ ᠲᠤᠬᠠᠶ ᠶᠢᠨ ᠵᠢᠯ ᠳᠡᠭᠡᠨ ᠡᠯᠪᠡᠭ ᠬᠤᠷᠢᠶᠠᠯᠲᠠ ᠣᠯᠵᠤ᠂ ᠨᠢᠭᠡ | ᠬᠦᠯᠡᠮᠵᠢ ᠶᠢᠨ ᠵᠢᠯ ᠤᠨ ᠣᠷᠣᠯᠭ᠎ᠠ ᠨᠢ 3 ᠲᠦᠮᠡ ᠭᠠᠷᠤᠶ ᠲᠥᠭᠦᠷᠢᠭ ᠲᠤ ᠬᠦᠷᠴᠦ᠂ ᠲᠤᠷᠰᠢᠯᠲᠠ ᠶᠢᠨ ᠲᠠᠷᠢᠶᠠᠨ ᠤ | ᠠᠮᠵᠢᠯᠲᠠ ᠲᠠᠢ ᠵᠢᠱᠢᠶ᠎ᠡ ᠦᠵᠡᠭᠦᠯᠦᠭᠰᠡᠨ ᠠᠴᠠ ᠲᠣᠰᠬᠤᠨ ᠤ ᠠᠷᠠᠳ ᠤᠨ ᠲᠠᠷᠢᠵᠤ ᠤᠷᠭᠤᠭᠤᠯᠬᠤ ᠬᠠᠯᠠᠭᠤᠨ | ᠰᠡᠳᠬᠢᠯᠭᠡ ᠶᠢ ᠬᠥᠪᠴᠢᠯᠡᠵᠡᠶ᠃ 2017 ᠣᠨ ᠳᠤ᠂ ᠲᠥᠬᠦᠭᠡᠷᠦᠮᠵᠢᠲᠦ ᠲᠠᠷᠢᠶᠠᠯᠠᠩ ᠢ ᠱᠡᠬᠡᠷᠳᠦ ᠰᠢᠶᠠᠩ ᠳᠤ | ᠡᠬᠢᠯᠡᠨ ᠳᠡᠯᠭᠡᠷᠡᠭᠦᠯᠪᠡ᠃ ᠲᠣᠰᠬᠤᠨ ᠤ ᠠᠷᠠᠳ ᠢ ᠬᠠᠪᠰᠤᠷᠤᠨ ᠬᠦᠯᠡᠮᠵᠢ ᠳᠤ ᠲᠠᠷᠢᠵᠤ ᠣᠷᠭᠤᠭᠤᠯᠬᠤ ᠶᠢᠨ | ᠲᠥᠯᠥᠭᠡ᠂ ᠱᠡᠬᠡᠷᠳᠦ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠡᠬᠡᠳᠦ ᠲᠡᠰ ᠤᠨ | ᠲᠠᠷᠢᠶᠠᠯᠠᠩ ᠤᠨ ᠮᠡᠷᠭᠡᠵᠢᠯᠲᠡᠨ ᠤᠷᠢᠵᠤ ᠲᠣᠰᠬᠤᠨ ᠤ ᠠᠷᠠᠳ ᠲᠤ ᠲᠠᠷᠢᠵᠤ ᠤᠷᠭᠤᠭᠤᠯᠬᠤ ᠬᠠᠮᠢᠶᠠᠷᠤᠯᠲᠠ᠂ | ᠬᠤᠷᠣᠬᠠᠶᠢᠲᠤᠬᠤ ᠶᠢ ᠰᠡᠷᠭᠡᠶᠢᠯᠡᠵᠦ ᠡᠪᠡᠳᠴᠢᠨ ᠡᠮᠭᠡᠭ ᠢ ᠰᠡᠷᠭᠡᠶᠢᠯᠡᠬᠦ ᠵᠡᠷᠭᠡ ᠲᠠᠯ᠎ᠠ ᠶᠢᠨ ᠮᠡᠷᠭᠡᠵᠢᠯ ᠤᠨ | ᠵᠢᠯᠣᠭᠤᠳᠤᠯᠭ᠎ᠠ ᠬᠢᠯᠭᠡᠭᠰᠡᠨ ᠪᠥᠭᠡᠳ ᠲᠣᠰᠬᠤᠨ ᠤ ᠠᠷᠠᠳ ᠲᠤ ᠱᠡᠬᠡᠷᠳᠦ ᠰᠢᠶᠠᠩ ᠤᠨ ᠶᠠᠳᠠᠭᠤ ᠠᠴᠠ | ᠠᠩᠭᠢᠵᠢᠷᠠᠭᠤᠯᠬᠤ ᠠᠵᠤ ᠦᠢᠯᠡᠰ ᠤᠨ ᠬᠦᠷᠢᠶᠡᠯᠡᠩ ᠤᠨ ᠸᠢᠴᠠᠲ ᠤᠨ ᠴᠤᠭᠯᠠᠷᠠᠯ ᠢ ᠪᠠᠶᠢᠭᠤᠯᠵᠤ᠂ ᠬᠡᠵᠢᠶ᠎ᠡ ᠬᠠᠮᠢᠭ᠎ᠠ | ᠴᠤ ᠭᠡᠰᠡᠨ ᠲᠣᠰᠬᠤᠨ ᠤ ᠠᠷᠠᠳ ᠲᠤ ᠥᠨᠳᠥᠷ ᠪᠦᠲᠦᠮᠵᠢᠲᠡᠶ ᠮᠡᠷᠭᠡᠵᠢᠯ ᠤᠨ ᠦᠢᠯᠡᠴᠢᠯᠡᠭᠡ ᠬᠠᠩᠭᠠᠵᠠᠶ᠃ | ᠲᠣᠰᠬᠤᠨ ᠤ ᠠᠷᠠᠳ ᠤᠨ ᠵᠣᠪᠠᠨᠢᠯ ᠢ ᠠᠷᠢᠯᠭᠠᠬᠤ ᠶᠢᠨ ᠲᠥᠯᠥᠭᠡ᠂ ᠱᠡᠬᠡᠷᠳᠦ ᠰᠢᠶᠠᠩ ᠤᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠬᠠᠩᠭᠠᠨ ᠪᠣᠷᠣᠯᠠᠭᠤᠯᠬᠤ ᠵᠠᠬ᠎ᠠ ᠳᠡᠯᠭᠡᠭᠦᠷ ᠢ ᠪᠠᠶᠢᠭᠤᠯᠵᠤ᠂ ᠱᠡᠬᠡᠷᠳᠦ ᠰᠢᠶᠠᠩ ᠤᠨ | ᠳ᠋ᠠ ᠺᠠᠩ ᠠᠵᠤ ᠦᠢᠯᠡᠰ ᠤᠨ ᠬᠦᠷᠢᠶᠡᠯᠡᠩ ᠳᠤ ᠲᠠᠷᠢᠭᠰᠠᠨ ᠵᠢᠵᠢᠭ ᠲᠥᠪᠡᠳ ᠬᠠᠰᠢ ᠨᠢ ᠴᠢᠨᠠᠷ ᠰᠠᠶᠢᠨ᠂ ᠭᠤᠶᠤ | ᠰᠠᠶᠢᠬᠠᠨ ᠦᠨᠦᠷ ᠠᠮᠲᠠ ᠪᠠᠷ ᠮᠠᠰᠢ ᠣᠯᠠᠨ ᠠᠷᠠᠯᠵᠢᠶᠠᠴᠢᠨ ᠤ ᠬᠦᠷᠢᠶᠡᠯᠡᠯ ᠢ ᠣᠯᠵᠤ᠂ ᠲᠤᠬᠠᠶ ᠶᠢᠨ ᠭᠠᠵᠠᠷ ᠤᠨ | ᠠᠷᠠᠳ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠭᠰᠠᠨ ᠪᠠᠶᠢᠨ᠎ᠠ᠃ |