10 ᠰᠠᠷ᠎ᠠ ᠶᠢᠨ 21 ᠤ ᠡᠳᠦᠷ ᠠᠴᠠ 23 ᠤ ᠡᠳᠦᠷ ᠪᠣᠯᠲᠠᠯ᠎ᠠ᠂ ᠯᠢᠨᠰᠢ ᠰᠢᠶᠠᠨ ᠭᠤᠤᠯᠳᠠᠯᠭ᠎ᠠ ᠲᠠᠢ | ᠲᠥᠷᠥᠯ ᠵᠦᠢᠯ ᠪᠣᠯᠤᠨ ᠭᠤᠤᠯᠳᠠᠯᠭ᠎ᠠ ᠲᠠᠢ ᠠᠵᠢᠯ ᠢ ᠲᠤᠬᠠᠶ ᠶᠢᠨ ᠲᠠᠯᠠᠪᠠᠢ ᠳᠤ ᠲᠣᠭᠤᠷᠢᠨ ᠦᠵᠡᠵᠤ ᠳ᠋ᠦᠩᠨᠡᠨ | ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠡᠨᠡ ᠵᠢᠯ ᠠᠴᠠ ᠨᠠᠰᠢᠬᠢ ᠭᠤᠤᠯᠳᠠᠯᠭ᠎ᠠ ᠲᠠᠢ ᠲᠥᠷᠥᠯ | ᠵᠦᠢᠯ ᠪᠣᠯᠤᠨ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠡᠷᠬᠢᠴᠡᠬᠦᠯᠵᠤ᠂ ᠡᠨᠡ ᠡᠪᠦᠯ ᠢᠷᠡᠬᠦ ᠬᠠᠪᠤᠷ ᠤᠨ ᠠᠵᠢᠯ ᠢ | ᠲᠤᠬᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠠᠷᠭ᠎ᠠ | ᠬᠡᠮᠵᠢᠶ᠎ᠡ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠲᠣᠰ ᠵᠢᠯ ᠤᠨ ᠡᠯ᠎ᠡ | ᠵᠦᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠪᠠᠲᠤ | ᠪᠠᠬᠢ ᠰᠠᠭᠤᠷᠢ ᠲᠠᠯᠪᠢᠪᠠ᠃ | | | | | | | | | | | | | | | | ᠬᠤᠶᠠᠷ ᠡᠳᠦᠷ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠭᠤᠤᠯᠳᠠᠯᠭ᠎ᠠ ᠲᠠᠢ ᠲᠥᠷᠥᠯ ᠵᠦᠢᠯ | ᠪᠣᠯᠤᠨ ᠭᠤᠤᠯᠳᠠᠯᠭ᠎ᠠ ᠲᠠᠢ ᠠᠵᠢᠯ ᠢ ᠲᠤᠬᠠᠶ ᠶᠢᠨ ᠲᠠᠯᠠᠪᠠᠢ ᠳᠤ ᠲᠣᠭᠤᠷᠢᠨ ᠦᠵᠡᠪᠡ᠃ ᠰᠢᠶᠠᠨ ᠤ ᠨᠠᠮ ᠤᠨ | ᠬᠤᠷᠢᠶᠠᠨ ᠤ ᠱᠦᠵᠢ ᠲᠢᠶᠠᠨ ᠰᠢᠶᠠᠩ ᠼᠦᠨ ᠳ᠋ᠦᠩᠨᠡᠯᠳᠠ ᠶᠢᠨ ᠶᠠᠷᠢᠶ᠎ᠠ ᠲᠠᠯᠪᠢᠪᠠ᠃ ᠲᠡᠷᠠ | ᠴᠢᠬᠤᠯᠠᠴᠢᠯᠠᠭᠰᠠᠨ ᠨᠢ᠂ ᠨᠢᠭᠡ ᠳᠤ᠂ ᠪᠠᠶᠢᠳᠠᠯ ᠢ ᠲᠣᠳᠣᠷᠬᠠᠶ ᠲᠠᠨᠢᠨ᠂ ᠵᠥᠷᠢᠶ᠎ᠡ ᠪᠠᠨ ᠠᠷᠢᠯᠭᠠᠵᠤ᠂ ᠴᠢᠨᠠᠷ ᠰᠠᠶᠢᠲᠠᠶ | ᠬᠥᠭᠵᠢᠯᠲᠡ ᠶᠢᠨ ᠬᠠᠷᠠᠯᠲᠠ ᠶᠢ ᠭᠤᠶᠢᠪᠢᠰᠢ ᠦᠭᠡᠢ ᠪᠠᠲᠤᠳᠬᠠᠬᠤ ᠬᠡᠷᠡᠭᠲᠡᠶ᠃ ᠬᠤᠶᠠᠷ ᠲᠤ᠂ ᠴᠢᠭᠯᠡᠯ ᠢ | ᠲᠤᠳᠤᠷᠬᠠᠶᠢᠯᠠᠨ᠂ ᠭᠤᠤᠯᠳᠠᠯᠭ᠎ᠠ ᠶᠢ ᠳᠣᠪᠤᠶᠢᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠳᠠᠪᠠᠯᠲᠠ ᠶᠢᠨ ᠴᠢᠨᠠᠷᠲᠠᠶ | ︽ᠵᠠᠩᠭᠢᠯᠠᠭ᠎ᠠ︾ ᠶᠢ ᠴᠢᠩᠭ᠎ᠠ ᠠᠳᠬᠤᠬᠤ ᠬᠡᠷᠡᠭᠳᠠᠢ᠃ ᠡᠷᠡᠰ ᠭᠤᠶᠢᠪᠢᠰᠢ ᠦᠭᠡᠢ ᠪᠠᠷᠢᠮᠳᠠᠯᠠᠨ᠂ ᠴᠢᠨᠠᠷ ᠰᠠᠶᠢᠲᠠᠶ | ᠬᠥᠭᠵᠢᠯᠲᠡ ᠶᠢ ᠪᠠᠲᠤᠯᠠᠵᠤ᠂ ᠬᠥᠳᠡᠯᠭᠡᠬᠦ ᠬᠦᠴᠦᠨ ᠢ ᠪᠠᠭᠤᠷᠠᠭᠤᠯᠬᠤ ᠦᠭᠡᠢ ᠪᠠᠶᠢᠬᠤ ᠬᠡᠷᠡᠭᠳᠠᠢ ᠬᠡᠵᠠᠢ᠃ | ᠲᠢᠶᠠᠨ ᠰᠢᠶᠠᠩ ᠼᠦᠨ ᠬᠠᠮᠤᠭ ᠰᠡᠭᠦᠯ ᠳᠤ᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠤᠯᠠᠮ | ᠴᠢᠨᠠᠭᠰᠢᠳᠠ ᠢᠲᠡᠭᠡᠯ ᠵᠣᠷᠢᠭ ᠢᠶᠠᠨ ᠪᠠᠳᠤᠳᠬᠠᠨ᠂ ᠵᠣᠷᠢᠭ ᠰᠠᠨᠠᠭ᠎ᠠ ᠪᠠᠨ ᠬᠦᠪᠴᠢᠯᠡᠵᠤ᠂ ᠬᠠᠷᠢᠭᠤᠴᠠᠯᠭ᠎ᠠ ᠪᠠᠨ | ᠡᠭᠦᠷᠭᠡᠯᠡᠵᠦ᠂ ᠬᠦᠴᠢᠷ ᠢ ᠲᠤᠭᠤᠯᠤᠨ ᠪᠣᠭᠤᠮᠲᠠ ᠰᠢᠪᠲᠤᠯᠵᠤ᠂ ᠬᠠᠷᠠᠯᠲᠠ ᠬᠤᠪᠢᠷᠠᠬᠤ ᠦᠭᠡᠢ᠂ ᠬᠤᠷᠳᠤᠴᠠ | ᠪᠠᠭᠤᠷᠠᠬᠤ ᠦᠭᠡᠢ᠂ ᠡᠷᠴᠢᠮ ᠪᠠᠭᠤᠷᠠᠬᠤ ᠦᠭᠡᠢ ᠪᠠᠶᠢᠬᠤ ᠶᠢ ᠪᠡᠶᠡᠯᠡᠬᠦᠯᠵᠤ᠂ ᠯᠢᠨᠰᠢ ᠰᠢᠶᠠᠨ ᠤ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠹᠦ᠋ ᠱᠸᠦ ᠯᠢ ᠵᠢᠯ ᠤᠨ | ᠡᠬᠢᠨ ᠠᠴᠠ ᠨᠠᠭᠠᠰᠢᠬᠢ ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ ᠠᠵᠢᠯ ᠢ ᠳ᠋ᠦᠩᠨᠡᠭᠰᠡᠨ ᠪᠥᠭᠡᠳ | ᠡᠨᠡ ᠡᠪᠦᠯ ᠢᠷᠡᠬᠦ ᠬᠠᠪᠤᠷ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠹᠦ᠋ ᠱᠸᠦ ᠯᠢ ᠱᠠᠭᠠᠷᠳᠠᠭᠰᠨ ᠨᠢ᠂ ᠨᠢᠭᠡ ᠳᠤ᠂ ︽ᠬᠠᠷᠠᠯᠲᠠ︾ ᠶᠢ ᠪᠠᠷᠢᠮᠲᠠᠯᠠᠵᠤ᠂ ᠪᠠᠶᠢᠷᠢᠰᠢᠯ ᠲᠣᠭᠲᠠᠭᠠᠬᠤ᠂ | ᠤᠷᠤᠭᠰᠢᠯᠠᠬᠤ ᠳᠤᠮᠳᠠ ᠴᠢᠭᠯᠡᠯ ᠢᠶᠠᠨ ᠲᠣᠳᠣᠷᠬᠠᠶᠢᠯᠠᠬᠤ ᠬᠡᠷᠡᠭᠲᠡᠶ᠃ ᠪᠠᠶᠢᠳᠠᠯ ᠢ ᠣᠨᠣᠪᠴᠢᠲᠠᠶ ᠡᠵᠡᠮᠳᠡᠵᠦ᠂ | ᠠᠰᠠᠭᠤᠳᠠᠯ ᠢ ᠰᠡᠷᠭᠡᠭ ᠢᠶᠠᠷ ᠲᠠᠨᠢᠵᠤ᠂ ᠬᠥᠭᠵᠢᠯᠲᠡ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ | ᠬᠦᠴᠦ ᠪᠠᠨ ᠬᠠᠮᠲᠤᠳᠬᠠᠨ ᠰᠢᠪᠲᠤᠯᠤᠯᠲᠠ ᠬᠢᠬᠦ ᠬᠡᠷᠡᠭᠲᠡᠶ᠃ ᠬᠤᠶᠠᠷ ᠲᠤ᠂ ︽ᠠᠵᠤ ᠦᠢᠯᠡᠰ ᠢᠶᠠᠷ ᠰᠠᠭᠤᠷᠢ | ᠪᠣᠯᠭᠠᠬᠤ︾ ᠶᠢ ᠪᠠᠷᠢᠮᠲᠠᠯᠠᠵᠤ᠂ ᠪᠤᠵᠠᠭᠠᠶᠢᠷᠠᠭᠤᠯᠬᠤ᠂ ᠬᠦᠴᠦᠷᠬᠡᠭᠵᠢᠭᠦᠯᠬᠦ ᠶᠢᠨ ᠳᠤᠮᠳᠠ ᠪᠠᠶᠢᠷᠢᠰᠢᠯ ᠢ | ᠰᠢᠯᠢᠳᠡᠭᠵᠢᠬᠦᠯᠬᠦ ᠬᠡᠷᠡᠭᠳᠠᠢ᠃ ᠭᠤᠷᠪᠠ ᠳᠤ᠂ ︽ᠲᠥᠷᠥᠯ ᠵᠦᠢᠯ ᠢᠶᠠᠷ ᠲᠡᠷᠢᠭᠦᠨ ᠪᠣᠯᠭᠠᠬᠤ︾ ᠶᠢ ᠪᠠᠷᠢᠮᠲᠠᠯᠠᠵᠤ᠂ | ᠶᠠᠰᠤ ᠴᠢᠨᠠᠷ ᠢ ᠳᠡᠭᠡᠭᠰᠢᠯᠡᠭᠦᠯᠬᠦ ᠳᠤᠮᠳᠠ ᠳᠠᠬᠢᠨ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠳᠠᠢ᠃ ᠳᠥᠷᠪᠡ ᠳᠤ᠂ ︽ | ᠬᠠᠷᠢᠭᠤᠴᠠᠯᠭ᠎ᠠ ᠡᠭᠦᠷᠭᠡᠯᠡᠨ ᠴᠢᠬᠤᠯᠠ ᠠᠵᠢᠯ ᠬᠢᠬᠦ︾ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠬᠠᠷᠢᠭᠤᠴᠠᠯᠭ᠎ᠠ ᠪᠠᠨ ᠬᠦᠢᠴᠡᠳᠬᠡᠬᠦ ᠳᠤᠮᠳᠠ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ ᠬᠡᠵᠠᠢ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠧᠤ ᠵᠢᠩ ᠮᠢᠨ ᠬᠤᠷᠠᠯ ᠡᠷᠬᠢᠯᠡᠭᠰᠡᠨ ᠪᠥᠭᠡᠳ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠲᠤᠬᠠᠶ ᠱᠠᠭᠠᠷᠳᠠᠯᠭ᠎ᠠ ᠳᠤᠷᠠᠳᠴᠠᠶ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠲᠢᠶᠠᠨ ᠱᠣ᠋ | ᠵᠢᠶᠦ᠋ᠨ᠂ ᠵᠢᠯ ᠤᠨ ᠡᠬᠢᠨ ᠳᠤ ᠲᠣᠭᠲᠠᠭᠠᠭᠰᠠᠨ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠵᠢᠴᠢ ᠭᠤᠤᠯ ᠪᠣᠯᠬᠤ ᠠᠵᠤ ᠠᠬᠤᠢ ᠶᠢᠨ ᠬᠦᠢᠴᠡᠳᠬᠡᠯ ᠲᠤᠭ᠎ᠠ ᠶᠢ | ᠪᠡᠶᠡᠯᠡᠭᠦᠯᠦᠭᠰᠡᠨ ᠪᠠᠶᠢᠳᠠᠯ ᠢ ᠨᠡᠶᠢᠳᠡᠯᠡᠨ ᠮᠡᠳᠡᠭᠳᠡᠪᠡ᠃ | | |