ᠯᠢᠨᠰᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠡᠷᠳᠡᠨᠢ ᠰᠢᠰᠢ ᠪᠤᠷᠴᠠᠭ ᠦᠢᠯᠡᠳᠪᠦᠷᠢᠯᠡᠭᠴᠢᠳ ᠲᠤ ᠨᠥᠬᠦᠪᠥᠷᠢ ᠤᠯᠭᠤᠬᠤ ᠶᠢ ᠰᠤᠭᠤᠴᠢᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠪᠡ
ᠨᠡᠶᠢᠲᠡᠯᠡᠭᠰᠡᠨ ᠴᠠᠭ᠄
2019-10-28
        ᠦᠢᠷ᠎ᠠ ᠶᠢᠨ ᠡᠳᠦᠷ ᠲᠤ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠦᠨᠳᠦᠰᠦᠨ ᠠᠰᠢᠭ ᠣᠷᠣᠯᠭ᠎ᠠ ᠶᠢ ᠪᠠᠲᠤᠯᠠᠬᠤ ᠶᠢᠨ ᠲᠥᠯᠥᠭᠡ᠂ ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤᠨᠢ ᠭᠠᠷᠭᠠᠨ ᠥᠭᠴᠦ᠂ ᠬᠠᠮᠢᠶ᠎ᠠ ᠪᠦᠬᠦᠢ ᠳᠡᠰ ᠳᠠᠷᠠᠭᠠᠯᠠᠯ ᠨᠢ ᠵᠢᠷᠤᠮᠵᠢᠭᠰᠠᠨ᠂ ᠶᠠᠪᠤᠴᠠ ᠨᠢ ᠢᠯᠡ ᠲᠣᠳᠣ ᠡᠰᠡᠬᠦ ᠶᠢ ᠪᠠᠲᠤᠯᠠᠬᠤ ᠶᠢᠨ ᠲᠥᠯᠥᠭᠡ᠂ ᠯᠢᠨᠰᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠡᠯ᠎ᠡ ᠥᠷᠲᠡᠭᠡ ᠲᠠᠰᠤᠭ ᠤᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠳᠤ ᠰᠢᠶᠠᠩ ᠪᠠᠯᠭᠠᠰᠤ ᠶᠢ ᠳᠠᠭᠠᠭᠠᠴᠢᠯᠠᠬᠤ ᠬᠡᠯᠪᠡᠷᠢ ᠶᠢ ᠬᠡᠷᠡᠭᠵᠢᠭᠦᠯᠵᠦ᠂ ︽2019 ᠤᠨ ᠯᠢᠨᠰᠢ ᠰᠢᠶᠠᠨ ᠤ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠥᠷᠢ ᠶᠢ ᠬᠠᠷᠭᠤᠭᠤᠯᠤᠨ ᠪᠠᠶᠢᠴᠠᠭᠠᠬᠤ ᠲᠥᠰᠦᠯ︾ ᠶᠣᠰᠣᠭᠠᠷ ᠪᠣᠶ ᠪᠦᠬᠦᠢ ᠰᠢᠶᠠᠩ ᠪᠠᠯᠭᠠᠰᠤ ᠵᠡᠭᠡᠯᠢ ᠭᠤᠳᠤᠮᠵᠢ ᠳᠤ ᠰᠤᠭᠤᠴᠢᠨ ᠪᠠᠶᠢᠴᠠᠭᠠᠯᠳᠠ ᠬᠢᠵᠡᠶ᠃        ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠥᠷᠢ ᠬᠦᠷᠲᠡᠬᠦ ᠡᠲᠡᠭᠡᠳ ᠨᠢ ᠬᠠᠤᠯᠢ ᠶᠣᠰᠣᠨ ᠤ ᠲᠠᠷᠢᠶᠠᠨ ᠭᠠᠵᠠᠷ ︵ᠳᠠᠷᠤᠶ ᠬᠠᠤᠯᠢ ᠶᠣᠰᠣᠨ ᠤ ᠵᠢᠷᠤᠮ ᠢᠶᠠᠷ ᠳᠠᠮᠵᠢᠨ ᠬᠠᠤᠯᠢ ᠶᠣᠰᠣᠨ ᠤ ᠡᠵᠡᠩᠨᠡᠯᠲᠡ ᠶᠢᠨ ᠡᠷᠬᠡ ᠣᠯᠣᠨ᠎ᠠ︶ ᠳᠡᠭᠡᠷᠡᠬᠢ ᠡᠷᠳᠡᠨᠢ ᠰᠢᠰᠢ ᠪᠠ ᠰᠢᠷ᠎ᠠ ᠪᠤᠷᠴᠠᠭ ᠤᠨ ᠪᠣᠳᠠᠲᠠᠶ ᠦᠢᠯᠡᠳᠪᠦᠷᠢᠯᠡᠭᠴᠢ ︵ᠲᠤᠰ ᠭᠠᠵᠠᠷ ᠤᠨ ᠲᠠᠷᠢᠶᠠᠴᠢᠨ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠨ ᠤ ᠲᠤᠰᠬᠠᠶ ᠬᠤᠷᠰᠢᠶᠠᠵᠢᠯ᠂ ᠬᠠᠤᠯᠢ ᠶᠣᠰᠣᠨ ᠤ ᠭᠠᠳᠠᠨ᠎ᠠ ᠠᠴᠠ ᠲᠦᠷᠢᠶᠡᠰᠦᠯᠡᠨ ᠲᠠᠷᠢᠭᠴᠢ ᠵᠡᠷᠭᠡ ᠪᠠᠭᠲᠠᠨ᠎ᠠ︶ ᠪᠣᠯᠤᠨ᠎ᠠ᠃ ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠭᠰᠠᠨ ᠪᠠᠶᠢᠪᠠᠯ᠂ ᠨᠥᠬᠦᠪᠥᠷᠢ ᠪᠡᠯᠡ ᠮᠥᠩᠭᠦ ᠶᠢ ᠪᠣᠳᠠᠲᠠᠶ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠳᠤ ᠥᠭᠬᠦ ᠬᠡᠷᠡᠭᠲᠡᠶ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠭᠡᠷ᠎ᠡ ︵ᠬᠡᠯᠡᠯᠴᠡᠭᠡᠷ︶ ᠳᠤ ᠪᠣᠯᠵᠣᠨ ᠲᠣᠭᠲᠠᠭᠰᠠᠨ ᠪᠠᠶᠢᠪᠠᠯ᠂ ᠪᠣᠯᠵᠣᠨ ᠲᠣᠭᠲᠠᠭᠰᠠᠨ ᠶᠣᠰᠣᠭᠠᠷ ᠶᠠᠪᠤᠭᠤᠯᠤᠨ᠎ᠠ᠃         ᠲᠤᠰ ᠤᠳᠠᠭ᠎ᠠ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠤᠰᠬᠠᠶ ᠮᠡᠷᠭᠡᠵᠢᠯ ᠤᠨ ᠠᠵᠢᠯᠲᠠᠨ ᠢ ᠰᠣᠩᠭᠤᠨ ᠪᠠᠶᠢᠴᠠᠭᠠᠵᠤ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ ᠲᠤᠬᠠᠶ ᠶᠢᠨ ᠭᠠᠵᠠᠷ ᠲᠤᠨᠢ ᠲᠣᠬᠢᠶᠠᠯᠳᠤᠯ ᠢᠶᠠᠷ ᠰᠣᠩᠭᠤᠨ ᠪᠠᠶᠢᠴᠠᠭᠠᠪᠠ᠃ ᠰᠤᠭᠤᠴᠢᠨ ᠪᠠᠶᠢᠴᠠᠭᠠᠬᠤ ᠵᠠᠷᠴᠢᠮ ᠪᠣᠯ᠄ ᠰᠤᠭᠤᠴᠢᠨ ᠪᠠᠶᠢᠴᠠᠭᠠᠬᠤ ᠶᠡᠷᠦᠩᠬᠡᠶ ᠲᠠᠯᠠᠪᠠᠢ ᠶᠢ ᠡᠷᠳᠡᠨᠢ ᠰᠢᠰᠢ ᠰᠢᠷ᠎ᠠ ᠪᠤᠷᠴᠠᠭ ᠤᠨ ᠶᠡᠷᠦᠩᠬᠡᠶ ᠲᠠᠯᠠᠪᠠᠢ ᠶᠢᠨ 10 % ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠵᠠᠰᠠᠭ ᠵᠠᠬᠢᠷᠭᠠᠨ ᠤ ᠲᠣᠰᠬᠤᠨ ᠨᠢᠭᠡᠪᠦᠷᠢ ᠶᠢᠨ ᠬᠢᠨᠠᠨ ᠪᠠᠶᠢᠴᠠᠭᠠᠭᠰᠠᠨ ᠲᠠᠯᠠᠪᠠᠢ ᠶᠢ ᠴᠥᠮ ᠨᠥᠬᠦᠪᠥᠷᠢ ᠥᠭᠬᠦ ᠲᠠᠯᠠᠪᠠᠢ ᠶᠢᠨ 10 % ᠳᠤ ᠬᠦᠷᠦᠭᠦᠯᠬᠦ ᠬᠡᠷᠡᠭᠲᠡᠶ︔ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠥᠬᠡᠶ ᠲᠤᠰᠬᠤᠨ ᠪᠣᠯᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠳᠠᠬᠢᠵᠤ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠵᠦ᠂ ᠳᠡᠭᠡᠭᠰᠢ ᠮᠡᠳᠡᠭᠦᠯᠬᠦ ᠬᠡᠷᠡᠭᠲᠡᠶ︔ ᠢᠯᠡᠭᠦᠤ ᠮᠡᠳᠡᠭᠦᠯᠦᠭᠰᠡᠨ ᠪᠤᠶᠤ ᠬᠤᠳᠠᠯ ᠮᠡᠳᠡᠭᠦᠯᠦᠭᠰᠡᠨ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠭᠤᠶᠤᠴᠢᠯᠠᠬᠤ ᠬᠢᠷᠢ ᠬᠡᠮ ᠢ ᠬᠦᠴᠦᠨ ᠥᠬᠡᠶ ᠪᠣᠯᠭᠠᠨ᠎ᠠ᠃        ᠰᠤᠭᠤᠴᠢᠨ ᠪᠠᠶᠢᠴᠠᠭᠠᠬᠤ ᠶᠠᠪᠤᠴᠠ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠷᠳᠡᠨᠢ ᠰᠢᠰᠢ ᠪᠣᠯᠤᠨ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠳᠦᠷᠢᠮ ᠤᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠲᠠᠨᠢᠵᠤ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠡᠯ᠎ᠡ ᠥᠷᠲᠡᠭᠡ ᠲᠠᠰᠤᠭ ᠤᠨ ᠬᠥᠮᠦᠰ ᠰᠤᠭᠤᠴᠢᠨ ᠪᠠᠶᠢᠴᠠᠭᠠᠭᠰᠠᠨ ᠪᠠᠶᠢᠳᠠᠯ ᠢᠶᠠᠨ ᠴᠥᠮ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ ᠣᠳᠣᠬᠠᠨ ᠳᠤ᠂ ᠰᠣᠩᠭᠤᠨ ᠪᠠᠶᠢᠴᠠᠭᠠᠬᠤ ᠠᠵᠢᠯ ᠪᠦᠬᠦᠨ ᠢᠶᠠᠷ ᠢᠶᠠᠨ ᠳᠠᠭᠤᠰᠤᠭᠰᠠᠨ ᠪᠥᠭᠡᠳ ᠨᠢᠭᠡᠨᠲᠡ ᠳᠠᠬᠢᠨ ᠬᠢᠨᠠᠨ ᠬᠠᠷᠭᠤᠭᠤᠯᠵᠤ ᠮᠡᠳᠡᠭᠦᠯᠬᠦ ᠱᠠᠲᠤᠨ ᠳᠤ ᠣᠷᠣᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号