︽ᠡᠬᠡ ᠤᠯᠤᠰ ᠤᠨ ᠮᠡᠨᠳᠦᠯᠡᠭᠰᠡᠨ 70 ᠵᠢᠯ ᠤᠨ ᠣᠢ ᠶᠢ ᠪᠡᠯᠭᠡᠯᠡᠵᠦ᠂ ᠪᠢ ᠤᠯᠤᠰ ᠤᠨ ᠲᠤᠭ ᠲᠠᠢ ᠬᠠᠮᠲᠤ ᠰᠡᠬᠦᠳᠡᠷᠯᠡᠶ᠎ᠠ︾ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2019-10-08
         2019᠎ ᠤᠨ 10 ᠰᠠᠷ᠎ᠠ ᠶᠢᠨ 1᠎ ᠤ ᠡᠳᠦᠷ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠡᠳᠦᠷ ᠪᠣᠯᠤᠨ᠎ᠠ᠃ ᠡᠨᠡᠬᠦ ᠤᠳᠬ᠎ᠠ ᠠᠭᠤᠯᠭ᠎ᠠ ᠬᠦᠨᠵᠡᠬᠡᠢ ᠡᠳᠦᠷ᠂ ᠹᠠᠨ ᠷᠦᠩ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ︽ᠡᠬᠡ ᠤᠯᠤᠰ ᠤᠨ ᠮᠡᠨᠳᠦᠯᠡᠭᠰᠡᠨ 70 ᠵᠢᠯ ᠤᠨ ᠣᠢ ᠶᠢ ᠪᠡᠯᠭᠡᠯᠡᠵᠦ᠂ ᠪᠢ ᠤᠯᠤᠰ ᠤᠨ ᠲᠤᠭ ᠲᠠᠢ ᠬᠠᠮᠲᠤ ᠰᠡᠬᠦᠳᠡᠷᠯᠡᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠥᠷᠨᠢᠭᠦᠯᠵᠦ᠂ ᠡᠬᠡ ᠤᠯᠤᠰ ᠢᠶᠠᠨ ᠮᠠᠭᠳᠠᠨ ᠲᠠᠭᠤᠯᠠᠵᠤ᠂ ᠤᠢ ᠶᠢᠨ ᠪᠠᠶᠠᠷ ᠢ ᠪᠡᠯᠭᠡᠯᠡᠪᠡ᠃
       ᠰᠤᠷᠭᠠᠭᠤᠯᠢ ᠨᠢ ︽ᠤᠯᠤᠰ ᠤᠨ ᠪᠠᠶᠠᠷ︾᠎ ᠢ ᠪᠡᠯᠭᠡᠯᠡᠬᠦ ᠠᠵᠢᠯᠯᠠᠭᠠᠨ ᠢ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠨᠢᠭᠡᠨ ᠶᠡᠭᠡ ᠶᠠᠪᠤᠳᠠᠯ ᠪᠣᠯᠭᠠᠵᠤ᠂ ᠴᠢᠬᠤᠯᠠ ᠵᠥᠪᠯᠡᠬᠦ ᠵᠦᠢᠯ ᠳᠡᠭᠡᠨ ᠤᠷᠤᠭᠤᠯᠤᠨ᠂ ᠲᠥᠰᠦᠯ ᠲᠣᠭᠲᠠᠭᠠᠵᠤ᠂ ᠨᠠᠷᠢᠨ ᠨᠢᠮᠪᠠᠶ ᠵᠣᠬᠢᠶᠠᠨ  ᠪᠠᠶᠢᠭᠤᠯᠵᠤ᠂ ᠥᠷᠭᠡᠨ ᠢᠶᠠᠷ ᠤᠬᠠᠭᠤᠯᠵᠤ᠂ ᠢᠳᠡᠪᠬᠢ ᠠᠭᠤᠷ ᠠᠮᠢᠰᠬᠤᠯ ᠢ ᠪᠣᠶ ᠪᠤᠯᠭᠠᠨ᠂ ︽ᠡᠬᠡ ᠤᠯᠤᠰ ᠤᠨ ᠮᠡᠨᠳᠦᠯᠡᠭᠰᠡᠨ 70 ᠵᠢᠯ ᠤᠨ ᠣᠢ ᠶᠢ ᠪᠡᠯᠬᠡᠯᠡᠵᠤ᠂ ᠪᠢ ᠤᠯᠤᠰ ᠎ ᠤᠨ ᠲᠤᠭ ᠲᠠᠢ ᠬᠠᠮᠲᠤ ᠰᠡᠬᠦᠳᠡᠷᠯᠠᠶ᠎ᠠ︾᠂ ︽ᠤᠯᠤᠰ ᠤᠨ ᠪᠠᠶᠠᠷ ᠢ ᠪᠠᠶᠠᠷᠯᠠᠨ ᠤᠭᠲᠤᠬᠤ ᠲᠠᠪᠤᠨ ᠨᠢᠭᠡ︾ ᠰᠢᠷᠢᠰ ᠠᠵᠢᠯᠯᠠᠭᠠᠨ ᠲᠣᠬᠢᠷᠠᠭᠤᠯᠵᠤ ᠡᠷᠬᠢᠯᠡᠪᠡ᠄ 1. ᠨᠢᠭᠡ ᠬᠤᠭᠤᠴᠠᠭᠠᠨ ᠤ ᠤᠯᠤᠰ ᠤᠨ ᠪᠠᠶᠠᠷ ᠤᠨ ᠡᠳᠦᠷ ᠤᠨ ᠬᠠᠭᠤᠯᠤᠮᠠᠯ ᠰᠣᠨᠢᠨ ᠢ ᠡᠭᠦᠳᠦᠨ ᠪᠠᠶᠢᠭᠤᠯᠤᠨ᠎ᠠ᠃ 2. ᠡᠬᠡ ᠣᠷᠣᠨᠴᠢ ᠭᠤᠤᠯ ᠰᠡᠳᠦᠪᠲᠦ ᠺᠢᠨᠣ᠋ ᠶᠢ ᠦᠵᠡᠭᠰᠡᠨ ᠪᠥᠭᠡᠳ ᠣᠯᠤᠯᠲᠠ ᠲᠥᠷᠥᠭᠳᠡᠯ ᠢᠶᠠᠨ ᠪᠢᠴᠢᠪᠡ᠃ 3. ᠨᠢᠭᠡ ᠤᠳᠠᠭᠠᠨ ᠤ ᠤᠯᠤᠰ ᠤᠨ ᠪᠠᠶᠠᠷ ᠤᠨ ᠡᠳᠦᠷ ᠭᠤᠣᠯ ᠰᠡᠳᠦᠪᠳᠦ ᠵᠢᠷᠤᠭ ᠤᠨ ᠪᠦᠲᠦᠭᠡᠯ ᠤᠨ ᠦᠵᠡᠰᠬᠦᠯᠡᠩ ᠢ ᠥᠷᠨᠢᠭᠦᠯᠦᠨ᠎ᠡ᠃ 4. ᠨᠢᠭᠡ ᠤᠳᠠᠭᠠᠨ ᠤ ︽ᠡᠬᠡ ᠤᠯᠤᠰ ᠤᠨ 70 ᠵᠢᠯ ᠤᠨ ᠣᠢ ᠶᠢ ᠪᠡᠯᠬᠡᠯᠡᠨ᠂ ᠪᠢ ᠤᠯᠤᠰ ᠤᠨ ᠲᠤᠭ ᠲᠠᠢ ᠬᠠᠮᠳᠤ ᠰᠡᠬᠦᠳᠡᠷᠯᠡᠶ᠎ᠠ︾ ᠭᠡᠬᠦ ᠤᠷᠠᠨ ᠰᠠᠶᠢᠬᠠᠨ ᠤ ᠲᠣᠭᠯᠠᠯᠲᠠ ᠶᠢ ᠥᠷᠨᠢᠭᠦᠯᠦᠨ᠎ᠡ᠃ 5.  ᠭᠠᠷᠠᠭ ᠤᠨ ᠨᠢᠬᠡᠨ ᠤ ᠲᠤᠭ ᠮᠠᠨᠳᠤᠭᠤᠯᠬᠤ ᠶᠤᠰᠤᠯᠠᠯ ᠢ ᠠᠰᠢᠭᠯᠠᠨ ︽ᠡᠬᠡ ᠤᠯᠤᠰ ᠬᠦᠭᠵᠢᠨ ᠬᠦᠴᠦᠷᠬᠡᠭᠵᠢᠵᠤ ᠪᠢ ᠦᠰᠦᠨ ᠪᠤᠶᠢᠵᠢᠨ᠎ᠠ︾ ᠭᠡᠬᠦ ᠤᠯᠤᠰ ᠤᠨ ᠲᠤᠭ ᠤᠨ ᠲᠤᠤᠷᠠᠬᠢ ᠶᠠᠷᠢᠶ᠎ᠠ ᠢᠯᠡᠳᠬᠡᠯ ᠬᠢᠨ᠎ᠠ᠃
       ᠹᠠᠨ ᠷᠦᠩ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠨᠢ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠤᠷᠭᠠᠨ ᠬᠥᠮᠦᠵᠢᠯ ᠢ ᠢᠮᠠᠭᠳᠠ ᠴᠢᠬᠤᠯᠠᠴᠢᠯᠠᠵᠤ᠂ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂  ᠴᠠᠭ ᠲᠤᠬᠠᠶ ᠳᠤᠨᠢ ᠡᠯᠪᠡᠭ ᠪᠠᠶᠠᠯᠢᠭ ᠠᠭᠤᠯᠭ᠎ᠠ ᠲᠠᠢ ᠭᠤᠤᠯ ᠰᠡᠳᠦᠪᠲᠦ ᠰᠤᠷᠭᠠᠨ ᠬᠥᠮᠦᠵᠢᠯ ᠤᠨ ᠠᠵᠢᠯᠯᠠᠭᠠᠨ ᠢ ᠥᠷᠨᠢᠭᠦᠯᠵᠦ᠂ ᠡᠬᠡ ᠤᠯᠤᠰ ᠤᠨ ᠣᠶᠢᠯᠠᠭᠠᠭᠳᠠᠬᠤᠨ᠂ ᠤᠯᠤᠰ ᠢᠶᠠᠨ ᠬᠠᠶᠢᠷᠠᠯᠠᠬᠤ ᠤᠬᠠᠮᠰᠠᠷ ᠢ ᠰᠤᠷᠤᠭᠴᠢᠳ ᠤᠨ ᠰᠡᠳᠬᠢᠯ ᠳᠤ ᠪᠠᠲᠤ ᠬᠠᠳᠠᠩᠰᠢᠭᠤᠯᠵᠠᠢ᠃ ᠲᠣᠰ ᠤᠳᠠᠭᠠᠨ ᠤ ᠭᠤᠤᠯ ᠰᠡᠳᠦᠪᠲᠦ ᠠᠵᠢᠯᠯᠠᠭᠠᠨ ᠳᠤᠮᠳᠠ᠂ ᠰᠤᠷᠤᠭᠴᠢᠳ ᠬᠠᠮᠤᠭ ᠤᠨ ᠭᠤᠶᠤ ᠵᠢᠷᠤᠭ᠂ ᠬᠠᠮᠤᠭ ᠤᠨ ᠰᠣᠨᠣᠰᠪᠤᠷᠢᠲᠠᠶ ᠲᠠᠭᠤᠤ᠂ ᠬᠠᠮᠤᠭ ᠤᠨ ᠦᠨᠡᠨᠴᠢ ᠦᠬᠡ ᠶᠠᠷᠢᠶ᠎ᠠ ᠪᠤᠯᠤᠨ ᠤᠷᠠᠨ ᠤᠩᠰᠢᠯᠭ᠎ᠠ ᠪᠠᠷ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ ᠪᠠᠶᠠᠷ ᠤᠨ ᠡᠳᠦᠷ ᠤᠨ ᠬᠦᠷ ᠪᠠᠶᠠᠰᠤᠯ ᠢ ᠪᠡᠶᠡᠴᠢᠯᠡᠨ ᠮᠡᠳᠡᠷᠡᠵᠦ᠂ ᠡᠬᠡ ᠤᠯᠤᠰ ᠤᠨ ᠢᠶᠠᠨ 70 ᠨᠠᠰᠤᠨ ᠤ ᠲᠥᠷᠥᠭᠰᠡᠨ ᠡᠳᠦᠷ ᠤᠨ ᠪᠠᠶᠠᠷ ᠲᠤ ᠬᠦᠨᠳᠦ ᠪᠡᠯᠡᠭ ᠬᠦᠷᠭᠡᠵᠡᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号