ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2019-10-08
       9 ᠰᠠᠷ᠎ᠠ ᠶᠢᠨ 29᠎ ᠤ ᠡᠳᠦᠷ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠬᠦᠰᠡᠯᠡᠩ ᠢᠲᠡᠭᠡᠯ ᠵᠣᠷᠢᠭ ᠢ ᠪᠤᠢ ᠪᠣᠯᠭᠠᠵᠤ᠂ ᠰᠤᠷᠤᠭᠴᠢᠳ ᠤᠨ ᠡᠬᠡ ᠣᠷᠣᠨᠴᠢ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠣᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠨ ᠯᠢᠨ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ︽ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠵᠦ ᠡᠬᠡ ᠣᠷᠣᠨᠴᠢ ᠵᠣᠷᠢᠭ ᠰᠠᠨᠠᠭ᠎ᠠ ᠶᠢ ᠪᠠᠳᠠᠷᠠᠭᠤᠯᠤᠶ᠎ᠠ︾ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠠᠵᠢᠯᠯᠠᠭᠠᠨ ᠥᠷᠨᠢᠭᠦᠯᠪᠡ᠃
              ᠠᠵᠢᠯᠯᠠᠭᠠᠨ ᠳᠤ ᠤᠷᠤᠯᠴᠠᠭᠴᠢ ᠰᠤᠷᠤᠭᠴᠢᠳ ᠠᠴᠠ ᠣᠷᠭᠢᠯᠤᠮ᠎ᠠ ᠬᠠᠯᠠᠭᠤᠨ ᠦᠭᠡ ᠶᠠᠷᠢᠶ᠎ᠠ᠂ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠢᠶᠠᠨ ᠡᠬᠡ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠ ᠢᠷᠦᠭᠡᠯ ᠵᠥᠩᠨᠡᠯ ᠢᠶᠠᠨ ᠢᠯᠡᠳᠬᠡᠵᠦ ᠪᠠᠶᠢᠯ᠎ᠠ᠃ ᠰᠢᠯᠭᠠᠷᠠᠭᠤᠯᠬᠤ ᠺᠣᠮᠢᠰ ᠤᠨ ᠭᠡᠰᠢᠭᠦᠳ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠨ᠂ ᠬᠤᠪᠢ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠵᠤ ᠤᠷᠤᠯᠳᠤᠭᠠᠨ ᠳᠤ ᠣᠷᠣᠯᠴᠠᠭᠰᠠᠳ ᠲᠤ ᠬᠤᠪᠢ ᠤᠯᠭᠤᠵᠤ᠂ ᠬᠠᠮᠤᠭ ᠰᠡᠭᠦᠯ ᠳᠤ ᠨᠢᠭᠡᠳᠦᠭᠡᠷ ᠲᠡᠰ ᠤᠨ ᠱᠠᠩᠨᠠᠯ ᠭᠤᠷᠪᠠᠨ ᠨᠡᠷ᠎ᠡ᠂ ᠬᠤᠶᠠᠳᠤᠭᠠᠷ ᠲᠡᠰ ᠤᠨ ᠱᠠᠩᠨᠠᠯ ᠭᠤᠷᠪᠠᠨ ᠨᠡᠷ᠎ᠡ᠂ ᠭᠤᠷᠪᠠᠳᠤᠭᠠᠷ ᠲᠡᠰ ᠤᠨ ᠱᠠᠩᠨᠠᠯ ᠵᠢᠷᠭᠤᠭᠠᠨ ᠨᠡᠷ᠎ᠡ ᠶᠢ ᠰᠢᠯᠭᠠᠷᠠᠭᠤᠯᠤᠨ᠂ ᠰᠤᠷᠭᠠᠭᠤᠯᠢ ᠶᠢᠨ ᠤᠳᠤᠷᠢᠳᠤᠯᠭ᠎ᠠ ᠠᠴᠠ ᠰᠤᠷᠤᠭᠴᠢᠳ ᠲᠤ ᠱᠠᠩᠨᠠᠯ ᠪᠠ ᠦᠨᠡᠮᠯᠡᠯ ᠤᠨ ᠪᠢᠴᠢᠭ ᠭᠠᠷᠳᠠᠭᠤᠯᠪᠠ᠃
      ᠲᠣᠰ ᠤᠳᠠᠭᠠᠨ ᠤ ᠠᠵᠢᠯᠯᠠᠭᠠᠨ ᠨᠢ ᠰᠤᠷᠤᠭᠴᠢ ᠨᠦᠬᠦᠳ ᠤᠨ ᠦᠭᠡ ᠬᠡᠯᠡᠨ ᠤ ᠢᠯᠡᠳᠬᠡᠬᠦ ᠴᠢᠳᠠᠪᠤᠷᠢ ᠶᠢ ᠪᠣᠯᠪᠠᠰᠤᠷᠠᠭᠤᠯᠵᠤ᠂ ᠰᠤᠷᠤᠭᠴᠢᠳ ᠤᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠥᠷᠭᠡᠨ ᠣᠯᠠᠨ ᠪᠠᠭᠰᠢ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠬᠥᠭᠵᠢᠭᠡᠵᠡᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号