︽ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ︾ ᠯᠢᠨᠰᠢ ᠰᠢᠶᠠᠨ ᠤ ᠰᠣᠶᠣᠯ ᠤᠨ ᠣᠷᠳᠣᠨ ᠳᠤ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2019-10-08
        9 ᠰᠠᠷ᠎ᠠ ᠶᠢᠨ 26᠎ ᠤ ᠦᠳᠡ ᠶᠢᠨ ᠬᠤᠶᠢᠨ᠎ᠠ᠂ ︽ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ︾ ᠯᠢᠨᠰᠢ ᠰᠢᠶᠠᠨ ᠤ ᠰᠣᠶᠣᠯ ᠤᠨ ᠣᠷᠳᠣᠨ ᠳᠤ ᠦᠪᠡᠳᠡᠭᠰᠢ ᠶᠡᠬᠡᠪᠡᠷ ᠡᠬᠢᠯᠡᠪᠡ᠃ ᠳᠣᠯᠣᠳᠤᠭᠠᠷ ᠬᠤᠭᠤᠴᠠᠭᠠᠨ ᠤ ᠪᠥᠬᠦ ᠬᠤᠲᠠ ᠶᠢᠨ ᠤᠷᠠᠨ ᠵᠢᠷᠤᠭ ᠤᠨ ᠦᠵᠡᠰᠬᠦᠯᠡᠩ ᠨᠢ ᠶᠠᠭ ᠰᠠᠶᠢᠬᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠳᠤ ᠲᠣᠬᠢᠶᠠᠯᠳᠤᠵᠤ᠂ ᠪᠥᠬᠦ ᠬᠤᠲᠠ ᠶᠢᠨ ᠤᠷᠠᠨ ᠵᠢᠷᠤᠭ ᠤᠨ ᠡᠲᠡᠭᠡᠳ ᠤᠨ ᠬᠢᠨ ᠤ ᠡᠬᠡ ᠤᠯᠤᠰ ᠲᠠᠭᠠᠨ ᠡᠷᠭᠦᠭᠰᠡᠨ ᠪᠡᠯᠡᠭ ᠢ ᠲᠥᠯᠥᠭᠡᠯᠡᠵᠦ ᠪᠠᠶᠢᠬᠤ ᠪᠠᠷ ᠪᠠᠷᠠᠬᠤ ᠥᠬᠡᠶ᠂ ᠨᠠᠩ ᠴᠤ ᠤᠷᠠᠨ ᠵᠢᠷᠤᠭ ᠤᠨ ᠠᠵᠢᠯᠲᠠᠨ ᠤ ᠵᠣᠬᠢᠶᠠᠨ ᠪᠦᠲᠦᠭᠡᠯᠭᠡ ᠶᠢᠨ ᠵᠦᠭᠯᠡᠭᠦᠷ ᠪᠣᠯᠵᠤ ᠪᠠᠶᠢᠨ᠎ᠠ᠂ ᠡᠨᠡ ᠤᠳᠠᠭᠠᠨ ᠤ ᠦᠵᠡᠰᠬᠦᠯᠡᠩ ᠨᠢ ᠥᠷᠭᠡᠨ ᠣᠯᠠᠨ ᠤᠷᠠᠨ ᠵᠢᠷᠤᠭ ᠤᠨ ᠠᠵᠢᠯᠲᠠᠳ ᠲᠤ ᠰᠣᠯᠢᠯᠴᠠᠭᠠᠨ ᠤ ᠲᠣᠮᠣ ᠲᠠᠪᠴᠠᠩ ᠢ ᠪᠠᠶᠢᠭᠤᠯᠵᠤ ᠥᠭᠭᠦᠭᠰᠡᠨ ᠪᠥᠭᠡᠳ ᠯᠢᠨᠰᠢ ᠰᠢᠶᠠᠨ ᠤ ᠤᠳᠬ᠎ᠠ ᠤᠷᠠᠯᠢᠭ ᠤᠨ ᠠᠵᠢᠯᠲᠠᠳ ᠲᠤ ᠴᠤ ᠰᠤᠷᠤᠯᠴᠠᠬᠤ ᠰᠠᠶᠢᠨ ᠲᠣᠬᠢᠶᠠᠯ ᠬᠠᠩᠭᠠᠭᠰᠠᠨ ᠪᠠᠶᠢᠨ᠎ᠠ᠃ ᠪᠥᠬᠦ ᠬᠤᠲᠠ ᠶᠢᠨ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠨᠢ ᠬᠤᠲᠠ ᠶᠢᠨ ᠲᠡᠰ ᠤᠨ ᠲᠣᠮᠣ ᠦᠵᠡᠰᠬᠦᠯᠡᠩ᠂ ᠶᠡᠷᠦᠩᠬᠡᠶᠢᠯᠡᠭᠰᠡᠨ ᠴᠢᠨᠠᠷᠲᠠᠶ ᠦᠵᠡᠰᠬᠦᠯᠡᠩ ᠪᠣᠯᠤᠭᠰᠠᠨ ᠤ ᠬᠤᠪᠢ ᠳᠤ᠂ ᠪᠥᠬᠦ ᠬᠤᠲᠠ ᠶᠢᠨ ᠬᠢᠷᠢ ᠲᠦᠪᠰᠢᠨ ᠤ ᠬᠠᠮᠤᠭ ᠤᠨ ᠥᠨᠳᠥᠷ ᠨᠥᠯᠥᠭᠡᠯᠡᠬᠦ ᠬᠦᠴᠦᠨ ᠪᠠ ᠲᠣᠮᠣ ᠤᠷᠠᠨ ᠵᠢᠷᠤᠭ ᠤᠨ ᠦᠵᠡᠰᠬᠦᠯᠡᠩ ᠪᠠᠶᠢᠵᠤ᠂ ᠭᠤᠷᠪᠠᠨ ᠵᠢᠯ ᠳᠤ ᠨᠢᠭᠡ ᠤᠳᠠᠭ᠎ᠠ ᠡᠷᠬᠢᠯᠡᠵᠦ᠂ ᠪᠥᠬᠦ ᠬᠤᠲᠠ ᠶᠢᠨ ᠠᠩᠬᠠᠷᠤᠯ ᠢ ᠲᠠᠲᠠᠪᠠ᠃ ᠴᠢᠩᠭ᠎ᠠ ᠨᠢᠮᠪᠠᠶ ᠰᠢᠯᠭᠠᠷᠠᠭᠤᠯᠬᠤ ᠪᠠᠷ ᠳᠠᠮᠵᠢᠨ᠂ ᠨᠡᠶᠢᠲᠡ 70 ᠬᠤᠪᠢ ᠪᠦᠲᠦᠭᠡᠯ ᠰᠣᠩᠭᠤᠵᠤ᠂ ᠦᠵᠡᠰᠬᠦᠯᠡᠩ ᠢ ᠢᠯᠡᠷᠡᠭᠦᠯᠦᠭᠰᠡᠨ ᠦᠷ᠎ᠡ ᠳ᠋ᠦᠩ ᠠᠴᠠ ᠦᠵᠡᠪᠡᠯ᠂ ᠪᠥᠬᠦ ᠬᠤᠲᠠ ᠶᠢᠨ ᠤᠷᠠᠨ ᠵᠢᠷᠤᠭ ᠤᠨ ᠬᠥᠭᠵᠢᠯᠲᠡ ᠪᠠ ᠬᠢᠷᠢ ᠪᠦᠲᠦᠮᠵᠢ ᠨᠢ ᠥᠩᠭᠡᠷᠡᠭᠰᠡᠨ ᠬᠤᠭᠤᠴᠠᠭᠠᠨ ᠤ ᠬᠢ ᠠᠴᠠ ᠲᠦᠷᠭᠡᠨ ᠳᠠᠪᠰᠢᠯᠲᠠ ᠲᠠᠢ ᠪᠣᠯᠵᠠᠶ᠃
        ᠲᠣᠰ ᠤᠳᠠᠭᠠᠨ ᠤ ᠠᠵᠢᠯᠯᠠᠭᠠᠨ ᠳᠤ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶ ᠬᠤᠩ ᠪᠥᠸᠧ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠡᠷᠬᠢᠯᠡᠭᠴᠢ ᠹᠠᠩ ᠯᠢ ᠮᠢᠩ᠂ ᠤᠯᠠᠭᠠᠨᠬᠠᠳᠠ ᠬᠤᠲᠠ ᠶᠢᠨ ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠪᠦᠦ ᠹᠧᠩ ᠯᠢᠨ᠂ ᠯᠢᠨᠰᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠯᠢ ᠨᠠ᠂ ᠯᠢᠨᠰᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠧᠩ ᠰᠢᠶᠠᠩ ᠵᠢᠶᠦ᠋ᠨ᠂ ᠯᠢᠨᠰᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠳ᠋ᠧᠦ ᠢᠦᠶ ᠮᠢᠩ᠂ ᠯᠢᠨᠰᠢ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠬᠠᠢ ᠶᠠᠨ᠂ ᠯᠢᠨᠰᠢ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳᠠᠩ ᠶᠢᠨ ᠰᠢᠶᠠᠩ᠂ ᠯᠢᠨᠰᠢ ᠰᠢᠶᠠᠨ ᠤ ᠰᠣᠶᠣᠯ ᠲᠠᠮᠢᠷ ᠤᠨ ᠲᠣᠪᠴᠢᠶᠠᠨ ᠤ ᠳᠠᠷᠤᠭ᠎ᠠ ᠬᠤ᠋ ᠵᠢᠩ ᠵᠢᠶᠦ᠋ᠨ᠂ ᠤᠯᠠᠭᠠᠨᠬᠠᠳᠠ ᠬᠤᠲᠠ ᠶᠢᠨ ᠤᠷᠠᠨ ᠵᠢᠷᠤᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠵᠢᠩ ᠭᠤᠸᠠᠨ ᠢ᠂ ᠵᠠᠩ ᠬᠤᠩ ᠯᠢᠶᠠᠩ᠂  ᠰᠢᠶᠠ ᠹᠧᠩ᠂ ᠯᠢᠦ ᠰᠢᠶᠣᠣ ᠹᠸᠢ ᠵᠡᠷᠭᠡ ᠤᠳᠤᠷᠢᠳᠤᠯᠭ᠎ᠠ ᠵᠣᠴᠢᠳ ᠬᠤᠷᠠᠯ ᠳᠤ ᠣᠷᠣᠯᠴᠠᠪᠠ᠃        ᠡᠬᠢᠯᠡᠯᠲᠡ ᠶᠢᠨ ᠶᠣᠰᠣᠯᠠᠯ ᠢ ᠯᠢᠨᠰᠢ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤ᠋ ᠵᠢᠩ ᠵᠢᠶᠦ᠋ᠨ ᠡᠷᠬᠢᠯᠡᠪᠡ᠃ ᠯᠢᠨᠰᠢ ᠰᠢᠶᠠᠨ ᠤ ᠵᠠᠰᠠᠭ ᠶᠢᠨ ᠤᠷᠳᠤᠨ ᠤ ᠳᠡᠳ᠋ ᠳᠠᠷᠤᠭ᠎ᠠ ᠼᠤᠤ ᠬᠠᠢ ᠶᠠᠨ᠂ ᠤᠯᠠᠭᠠᠨᠬᠠᠳᠠ ᠬᠤᠲᠠ ᠶᠢᠨ ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠪᠦᠦ ᠹᠧᠩ ᠯᠢᠨ ᠲᠣᠰ ᠲᠣᠰ ᠪᠠᠶᠠᠷ ᠤᠨ ᠦᠭᠡ ᠬᠡᠯᠡᠪᠡ᠃ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶ ᠬᠤᠩ ᠪᠥᠸᠧ ᠦᠵᠡᠰᠬᠦᠯᠡᠩ ᠡᠬᠢᠯᠡᠭᠰᠡᠨ ᠢ ᠵᠠᠷᠯᠠᠪᠠ᠃        ᠲᠤᠰ ᠤᠳᠠᠭᠠᠨ ᠤ ᠦᠵᠡᠰᠬᠦᠯᠡᠩ ᠳᠤ ᠤᠷᠠᠨ ᠵᠢᠷᠤᠭ ᠤᠨ ᠭᠤᠤᠯ ᠰᠡᠳᠦᠪ ᠢᠯᠠ ᠲᠤᠳᠤᠷᠬᠠᠢ᠂ ᠠᠭᠤᠯᠭ᠎ᠠ ᠡᠯᠪᠡᠭ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠭᠤᠤ ᠭᠠᠪᠢᠶ᠎ᠠ ᠶᠢ ᠮᠠᠭᠳᠠᠨ ᠲᠠᠭᠤᠯᠠᠵᠤ᠂ ᠡᠬᠡ ᠤᠯᠤᠰ ᠤᠨ ᠠᠯᠤᠰ ᠢᠷᠡᠬᠡᠳᠦᠢ ᠶᠢ ᠵᠢᠷᠤᠭᠯᠠᠨ᠂ ᠠᠳᠠᠯᠢ ᠪᠤᠰᠤ ᠬᠠᠷᠠᠭᠠᠰᠤ ᠠᠴᠠ ᠤᠷᠠᠨ ᠵᠢᠷᠤᠭᠴᠢᠳ ᠤᠨ ᠡᠬᠡ ᠤᠷᠤᠨ ᠤ ᠪᠠᠨ ᠰᠠᠶᠢᠨ ᠰᠠᠶᠢᠬᠠᠨ ᠬᠦᠰᠡᠯ ᠡᠷᠡᠮᠡᠯᠵᠡᠯ ᠵᠢᠴᠢ ᠨᠤᠳᠤᠭ ᠤᠰᠤᠨ ᠤ ᠬᠠᠶᠢᠷ᠎ᠠ ᠰᠡᠳᠬᠢᠯᠬᠡ ᠶᠢ ᠢᠯᠡᠷᠡᠬᠦᠯᠵᠤ᠂ ᠠᠷᠠᠳ ᠤᠯᠠᠨ ᠳᠤ ᠤᠷᠠᠯᠢᠭ ᠤᠨ ᠲᠤᠮᠤ ᠲᠡᠵᠢᠬᠡᠯ ᠬᠦᠷᠳᠡᠬᠡᠬᠦ ᠶᠢᠨ ᠬᠠᠮᠳᠤ ᠰᠢᠨ᠎ᠠ ᠴᠠᠭ ᠦᠶ᠎ᠠ ᠎ ᠶᠢᠨ ᠬᠡᠪ ᠨᠠᠮᠪᠠ ᠶᠢ ᠬᠠᠷᠠᠭᠤᠯᠵᠤ ᠴᠢᠳᠠᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号