| | 9 ᠰᠠᠷ᠎ᠠ ᠶᠢᠨ 30 ᠤ ᠡᠳᠦᠷ᠂ ᠪᠦᠬᠦ ᠤᠯᠤᠰ ᠤᠨ 6 ᠳ᠋ᠤᠭᠠᠷ ᠦᠷᠡᠭᠳᠡᠭᠰᠡᠨ ᠪᠠᠭᠠᠲᠤᠷᠴᠤᠳ ᠤᠨ | ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠲᠡᠤᠬᠡ ᠶᠢ ᠳᠤᠷᠠᠰᠤᠨ ᠰᠠᠨᠠᠭᠠᠯᠵᠠᠵᠤ᠂ ᠦᠨᠳᠦᠰᠦᠲᠡᠨ ᠤ | ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠲᠥᠯᠥᠭᠡ᠂ ᠮᠠᠨ ᠤ ᠰᠢᠶᠠᠨ ᠨᠢ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠵᠤ᠂ ᠡᠭᠦᠨ ᠢᠶᠠᠷ ᠳᠠᠮᠵᠢᠨ ᠦᠷᠡᠭᠳᠡᠭᠰᠡᠨ ᠪᠠᠭᠠᠳᠤᠷᠴᠤᠳ ᠤᠨ ᠠᠭᠤᠤ ᠭᠠᠪᠢᠶ᠎ᠠ ᠠᠤᠭ᠎ᠠ | ᠵᠢᠳᠬᠦᠯ ᠢ ᠳᠤᠷᠠᠰᠤᠨ ᠰᠠᠨᠠᠭᠠᠯᠵᠠᠵᠤ᠂ ᠪᠢᠰᠢᠷᠡᠨ ᠬᠦᠨᠳᠦᠳᠬᠡᠬᠦ ᠪᠠ ᠳᠤᠷᠠᠰᠤᠨ ᠰᠠᠨᠠᠭᠠᠯᠵᠠᠵᠤ ᠪᠠᠶᠢᠬᠤ | ᠰᠡᠳᠬᠢᠯᠬᠡ ᠪᠠᠨ ᠢᠯᠡᠳᠬᠡᠪᠡ᠃ | | | | | | | | | | | ᠰᠢᠶᠠᠨ ᠤ ᠳᠥᠷᠪᠡᠨ ᠶᠡᠭᠡ ᠤᠳᠤᠷᠢᠳᠬᠤ ᠪᠠᠭ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ | ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠭᠡᠷ ᠲᠡᠭᠡᠨ ᠪᠠᠶᠢᠭ᠎ᠠ ᠰᠢᠶᠠᠨ ᠤ ᠭᠠᠵᠠᠷ ᠤᠨ ᠲᠡᠰ ᠤᠨ | ᠤᠳᠤᠷᠢᠳᠤᠯᠭ᠎ᠠ᠂ ᠰᠢᠶᠠᠨ ᠤ ᠰᠢᠭᠤᠳ ᠬᠠᠷᠢᠶ᠎ᠠ ᠡᠯ᠎ᠡ ᠬᠡᠯᠳᠡᠰ ᠵᠥᠪᠯᠡᠯ ᠠᠯᠪᠠᠨ ᠭᠡᠷ ᠲᠣᠪᠴᠢᠶ᠎ᠠ᠂ ᠰᠠᠯᠠᠭᠠᠨ | ᠲᠡᠰ ᠤᠨ ᠠᠵᠢᠯ ᠦᠢᠯᠡᠰ ᠤᠨ ᠨᠢᠭᠡᠴᠢ᠂ ᠬᠡᠰᠡᠭ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠨᠢ ᠣᠷᠣᠨ | ᠨᠤᠲᠤᠭ ᠲᠤ ᠪᠠᠶᠢᠭ᠎ᠠ ᠡᠭᠴᠡ ᠬᠠᠮᠢᠶᠠᠷᠬᠤ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ᠂ ᠪᠠᠭᠠᠴᠤᠳ ᠬᠡᠦᠬᠡᠳ ᠤᠨ | ᠲᠥᠯᠥᠭᠡᠯᠡᠭᠴᠢ ᠳᠤᠷᠠᠰᠬᠠᠬᠤ ᠠᠵᠢᠯᠯᠠᠭ᠎ᠠ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ | ᠵᠧᠤ ᠵᠢᠩ ᠮᠢᠨ ᠲᠠᠬᠢᠯᠭ᠎ᠠ ᠶᠢᠨ ᠪᠢᠴᠢᠭ ᠢ ᠤᠩᠰᠢᠵᠤ᠂ ᠰᠢᠶᠠᠨ ᠤ ᠵᠠᠰᠠᠭ ᠤᠨ ᠤᠷᠳᠤᠨ ᠤ ᠳᠡᠳ᠋ ᠳᠠᠷᠤᠭ᠎ᠠ ᠼᠤᠤ | ᠬᠠᠢ ᠶᠠᠨ ᠶᠣᠰᠣᠯᠠᠯ ᠢ ᠡᠷᠬᠢᠯᠡᠪᠡ᠃ | ᠣᠯᠠᠨ ᠢᠶᠠᠷ ᠢᠶᠠᠨ ᠡᠮᠭᠡᠨᠢᠨ ᠭᠠᠰᠢᠭᠤᠳᠠᠵᠤ᠂ ᠦᠷᠡᠭᠳᠡᠭᠰᠡᠨ ᠪᠠᠭᠠᠲᠤᠷᠴᠤᠳ ᠤᠨ ᠱᠤᠭᠤᠮᠠᠯ ᠤᠨ ᠡᠮᠦᠨ᠎ᠡ᠂ | ᠦᠷᠡᠭᠳᠡᠭᠰᠡᠨ ᠪᠠᠭᠠᠲᠤᠷᠴᠤᠳ ᠲᠤ ᠨᠠᠮᠠᠨᠴᠢᠯᠠᠨ ᠶᠣᠰᠣᠯᠠᠪᠠ᠃ ᠰᠢᠶᠠᠨ ᠤ ᠳᠥᠷᠪᠡᠨ ᠶᠡᠭᠡ ᠤᠳᠤᠷᠢᠳᠬᠤ ᠪᠠᠭ᠂ | ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠰᠢᠶᠠᠨ ᠤ 24 ᠲᠦᠮᠡᠨ ᠠᠷᠠᠳ ᠤᠯᠠᠨ ᠢ ᠲᠦᠯᠦᠬᠡᠯᠡᠨ᠂ | ᠦᠷᠡᠭᠳᠡᠭᠰᠡᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ | ᠰᠠᠨᠠᠭᠠᠯᠵᠠᠵᠤ ᠪᠠᠶᠢᠭ᠎ᠠ ᠰᠡᠳᠬᠢᠯᠭᠡ ᠪᠠᠨ ᠢᠯᠡᠳᠬᠡᠵᠡᠶ᠃ | |