ᠯᠢᠨᠰᠢ ᠰᠢᠶᠠᠨ ᠠᠵᠤ ᠦᠢᠯᠡᠳᠪᠦᠷᠢᠵᠢᠯᠳᠠ ᠶᠢᠨ ᠰᠡᠳᠬᠢᠬᠦᠶ ᠪᠠᠷ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠢ ᠲᠥᠯᠥᠪᠵᠢᠭᠦᠯᠬᠦ ᠶᠢ ᠪᠠᠷᠢᠮᠳᠠᠯᠠᠨ᠂ ᠲᠥᠷᠥᠯ ᠲᠡᠮᠳᠡᠭᠴᠢᠯᠡᠭᠰᠡᠨ ᠬᠠᠷᠠᠭᠠᠰᠤ ᠪᠠᠷ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠨᠢᠭᠡ | ᠪᠦᠯᠦᠭ ᠬᠦᠴᠦᠷᠬᠡᠭ ᠶᠡᠭᠡ ᠳᠠᠭᠠᠭᠤᠯᠤᠭᠴᠢ ᠠᠵᠤ ᠠᠬᠤᠢᠯᠠᠯ ᠪᠣᠯᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ | ᠴᠣᠭᠴᠠ ᠰᠡᠬᠦ᠋ᠢᠨ ᠪᠣᠰᠴᠤ᠂ ᠲᠦᠭ ᠲᠦᠮᠡᠨ ᠮᠠᠯᠴᠢᠨ ᠲᠠᠷᠢᠶᠠᠴᠢᠨ ᠢ ᠶᠠᠳᠠᠭᠤ ᠠᠴᠠ ᠠᠩᠭᠢᠵᠢᠷᠠᠭᠤᠯᠤᠨ | ᠴᠢᠨᠡᠭᠡᠯᠢᠭᠵᠢᠭᠦᠯᠬᠦ ᠵᠠᠮ ᠢᠶᠠᠷ ᠵᠠᠮᠨᠠᠭᠤᠯᠬᠤ ᠶᠢ ᠠᠬᠢᠭᠤᠯᠵᠤ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠶᠢ ᠣᠳᠣ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠲᠡᠰᠢ ᠬᠤᠪᠢᠷᠠᠯᠲᠠ ᠶᠢ ᠪᠡᠶᠡᠯᠡᠭᠦᠯᠵᠡᠶ᠃ | ᠲᠦᠬᠦᠬᠡᠷᠦᠮᠵᠢᠳᠦ ᠲᠠᠷᠢᠶᠠᠯᠠᠩ ᠦᠳᠲᠡᠷ ᠲᠦᠷᠭᠡᠨ ᠬᠥᠭᠵᠢᠪᠡ᠃ ︽5531︾ ᠢᠨᠵᠧᠨᠧᠷᠢᠩ ᠢ | ᠬᠡᠷᠡᠭᠵᠢᠭᠦᠯᠦᠭᠰᠡᠨ ᠨᠢ ᠲᠦᠬᠦᠬᠡᠷᠦᠮᠵᠢᠳᠦ ᠲᠠᠷᠢᠶᠠᠯᠠᠩ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ | ᠲᠦᠬᠦᠬᠡᠷᠦᠮᠵᠢᠳᠦ ᠲᠠᠷᠢᠶᠠᠯᠠᠩ ᠦᠭᠡᠢ ᠠᠴᠠ ᠪᠠᠶᠢᠬᠤ ᠪᠣᠯᠵᠤ᠂ ᠪᠠᠭᠤᠷᠠᠶ ᠠᠴᠠ ᠬᠦᠴᠦᠷᠬᠡᠭ ᠪᠣᠯᠵᠤ᠂ ᠣᠳᠣᠬᠠᠨ ᠳᠤ | ᠂ ᠶᠡᠷᠦᠩᠬᠡᠶ ᠲᠠᠯᠠᠪᠠᠢ ᠨᠢ 3.4 ᠲᠦᠮᠡᠨ ᠮᠤ᠋ ᠳᠤ ᠬᠦᠷᠴᠦ᠂ ᠴᠡᠭ᠂ ᠱᠤᠭᠤᠮ᠂ ᠨᠢᠭᠤᠷ ᠬᠠᠷᠢᠯᠴᠠᠨ ᠤᠶᠠᠯᠳᠤᠭᠰᠠᠨ | ᠲᠣᠤᠷ ᠰᠦᠯᠵᠢᠶᠡᠨ ᠤ ᠪᠠᠶᠢᠷᠢᠰᠢᠭᠤᠯᠤᠯ ᠨᠢᠭᠡᠨᠲᠡ ᠪᠦᠷᠬᠦᠵᠦ᠂ ᠣᠳᠣ ᠨᠠᠶ᠋ᠮᠠᠨ ᠮᠢᠩᠭᠠᠨ ᠮᠤ᠋ ᠶᠢᠨ ᠲᠦᠬᠦᠬᠡᠷᠦᠮᠵᠢᠳᠦ | ᠬᠦᠷᠢᠶᠡᠯᠡᠩ ᠲᠣᠭᠤᠷᠢᠭ 1᠂ ᠮᠢᠩᠭᠠᠨ ᠮᠤ᠋ ᠠᠴᠠ ᠳᠡᠭᠡᠭᠰᠢ 5᠂ ᠮᠢᠩᠭᠠᠨ ᠮᠤ᠋ ᠠᠴᠠ ᠳᠣᠷᠣᠭᠰᠢ ᠲᠤᠭ᠎ᠠ ᠦᠬᠡᠢ | ᠤᠯᠠᠨ ᠪᠤᠯᠵᠠᠢ᠃ ᠲᠣᠮᠣ ᠫᠧᠩ ᠤᠨ ᠢᠳᠡᠰᠢᠨ ᠨᠣᠭᠤᠭ᠎ᠠ ᠶᠢᠨ ᠲᠥᠷᠥᠯ ᠵᠦᠶ᠋ᠯ ᠨᠢ ᠪᠦᠷᠢᠨ ᠬᠦᠢᠴᠡᠳ᠂ ᠶᠠᠰᠤ | ᠴᠢᠨᠠᠷ ᠨᠢ ᠰᠢᠯᠢᠳᠡᠭ ᠰᠠᠶᠢᠨ ᠪᠠᠶᠢᠵᠤ᠂ ᠨᠢᠭᠡᠨᠲᠡ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠢᠳᠡᠰᠢᠨ | ᠨᠣᠭᠤᠭ᠎ᠠ ᠶᠢᠨ ᠭᠤᠤᠯᠯᠠᠭᠴᠢ ᠬᠦᠴᠦᠨ ᠪᠣᠯᠤᠭᠰᠠᠨ ᠪᠥᠭᠡᠳ ᠣᠷᠣᠨ ᠤ ᠳᠣᠲᠣᠨ᠎ᠠ ᠭᠠᠳᠠᠨ᠎ᠠ ᠪᠣᠷᠣᠯᠠᠭᠤᠯᠤᠭᠳᠠᠵᠤ | ᠪᠠᠶᠢᠨ᠎ᠠ᠃ | ᠮᠢᠬᠠᠨ ᠤ ᠦᠬᠡᠷ ᠤᠨ ᠠᠵᠤ ᠦᠢᠯᠡᠰ ᠳᠠᠪᠠᠯᠲᠠ ᠲᠠᠢ ᠳᠡᠭᠡᠭᠰᠢᠯᠡᠵᠡᠢ᠃ ᠬᠡᠳᠦᠨ ᠵᠢᠯ ᠳᠠᠷᠠᠭᠠᠯᠠᠨ᠂ | ᠮᠢᠬᠠᠨ ᠦᠬᠡᠷ ᠤᠨ ᠭᠠᠷᠭᠠᠯᠲᠠ ᠨᠢ 10 ᠲᠦᠮᠡᠨ ᠲᠣᠯᠣᠭᠠᠶ ᠠᠴᠠ ᠳᠡᠭᠡᠭᠰᠢ ᠪᠠᠶᠢᠵᠤ᠂ ᠵᠢᠯ ᠤᠨ ᠮᠠᠯ ᠤᠨ | ᠭᠠᠷᠭᠠᠯᠲᠠ ᠨᠢ ᠵᠢᠯ ᠪᠦᠷᠢ 1 ᠲᠦᠮᠡᠨ ᠲᠣᠯᠣᠭᠠᠶ ᠪᠠᠷ ᠨᠡᠮᠡᠭᠳᠠᠵᠠᠢ᠃ 2019 ᠣᠨ ᠳᠤ ᠲᠡᠵᠢᠬᠡᠵᠤ ᠪᠠᠶᠢᠭ᠎ᠠ ᠮᠠᠯ | 19 ᠲᠦᠮᠡᠨ ᠲᠣᠯᠣᠭᠠᠶ ᠳᠤ ᠬᠦᠷᠴᠦ᠂ ᠰᠢᠶᠠᠩ ᠳ᠋ᠠ ᠷᠦᠢ ᠯᠢᠨ ᠠᠩᠭᠢᠰ ᠡᠭᠦᠯᠳᠡᠷ ᠤᠨ ᠦᠬᠡᠷ ᠢ 1 ᠲᠦᠮᠡᠨ | ᠲᠣᠯᠣᠭᠠᠶ ᠳᠤ ᠦᠷᠡᠵᠢᠭᠦᠯᠦᠨ ᠪᠤᠶᠢᠵᠢᠭᠤᠯᠵᠤ᠂ ᠪᠦᠬᠦ ᠬᠤᠲᠠ ᠶᠢᠨ ᠳᠠᠩ ᠪᠡᠶᠡᠲᠦ ᠲᠡᠵᠢᠭᠡᠨ ᠦᠷᠡᠵᠢᠭᠦᠯᠬᠦ | ᠬᠡᠪᠴᠢᠶ᠎ᠡ ᠪᠠᠷ ᠬᠠᠮᠤᠭ ᠤᠨ ᠶᠡᠭᠡ ᠠᠵᠤ ᠠᠬᠤᠢᠯᠠᠯ ᠪᠣᠯᠪᠠ᠃ | ᠮᠢᠬᠠᠨ ᠬᠤᠨᠢᠨ ᠤ ᠠᠵᠤ ᠦᠢᠯᠡᠰ ᠲᠣᠭᠲᠠᠭᠤᠨ ᠤ ᠲᠤᠮᠳᠠ ᠤᠷᠤᠭᠰᠢᠯᠠᠪᠠ᠃ ᠴᠢᠨᠠᠷ ᠰᠠᠶᠢᠲᠠᠶ ᠮᠢᠬᠠᠨ | ᠬᠤᠨᠢ ᠵᠠᠭᠤᠨ ᠲᠦᠮᠡ ᠰᠢᠬᠠᠮ ᠪᠠᠶᠢᠵᠤ᠂ ᠵᠤᠤ ᠤᠳᠠ ᠮᠢᠬᠠᠨ ᠬᠤᠨᠢ᠂ ᠦᠵᠦᠮᠦᠴᠢᠨ ᠬᠤᠨᠢ᠂ ᠳ᠋ᠦᠪᠦᠸᠧ ᠬᠤᠨᠢ | ᠵᠡᠷᠭᠡ ᠴᠢᠨᠠᠷ ᠰᠠᠶᠢᠲᠠᠶ ᠡᠭᠦᠯᠳᠡᠷ ᠨᠢᠭᠡᠨᠲᠡ ᠭᠤᠤᠯᠯᠠᠬᠤ ᠪᠠᠶᠢᠷᠢ ᠶᠢ ᠡᠵᠡᠯᠡᠵᠦ᠂ ᠠᠦ᠋ᠰᠲᠷᠠᠯᠢᠶ᠎ᠠ ᠶᠢᠨ ᠴᠠᠭᠠᠨ ᠬᠤᠨᠢ᠂ | ᠲᠠᠢ ᠬᠤ᠋ ᠨᠠᠭᠤᠷ ᠤᠨ ᠬᠤᠨᠢ ᠵᠡᠷᠭᠡ ᠬᠠᠰᠢᠶᠠᠯᠠᠨ ᠲᠡᠵᠢᠭᠡᠬᠦ ᠳᠤ ᠳᠠᠭᠠᠭᠠᠮᠠᠭᠠᠶ ᠴᠢᠨᠠᠷ ᠰᠠᠶᠢᠲᠠᠶ ᠮᠢᠬᠠᠨ ᠬᠤᠨᠢ ᠶᠢ | ᠨᠢᠭᠡᠨᠲᠡ ᠪᠥᠬᠦ ᠲᠠᠯ᠎ᠠ ᠪᠠᠷ ᠳᠡᠯᠭᠡᠷᠡᠭᠦᠯᠵᠦ᠂ ᠮᠢᠬᠠᠨ ᠬᠤᠨᠢ ᠲᠡᠵᠢᠭᠡᠨ ᠦᠷᠡᠵᠢᠭᠦᠯᠬᠦ ᠨᠢ ᠨᠢᠭᠡᠨᠲᠡ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠰᠢᠨ᠎ᠡ ᠵᠠᠮ ᠪᠣᠯᠵᠠᠶ᠃ | ᠬᠢᠲᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠨ᠎ᠠ᠃ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠪᠠᠷ ᠳᠠᠮᠵᠢᠨ᠂ ᠬᠢᠲᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠲᠦᠷᠭᠡᠨ ᠬᠥᠭᠵᠢᠵᠦ᠂ | ᠪᠠᠶᠢᠳᠠᠯ ᠰᠠᠶᠢᠨ ᠪᠠᠶᠢᠨ᠎ᠠ᠃ ᠭᠤᠷᠪᠠᠨ ᠵᠢᠯ ᠤᠨ ᠬᠤᠭᠤᠴᠠᠭᠠᠨ ᠳᠤ᠂ ᠬᠢᠲᠠᠳ ᠡᠪᠡᠰᠦᠨ ᠡᠮ ᠤᠨ ᠲᠠᠷᠢᠮᠠᠯ ᠢ 7.7 | ᠲᠦᠮᠡᠨ ᠮᠤ᠋ ᠰᠢᠨ᠎ᠡ ᠪᠠᠷ ᠨᠡᠮᠡᠭᠳᠡᠭᠦᠯᠵᠦ᠂ ᠣᠢ ᠶᠢᠨ ᠬᠤᠷᠮᠣᠶ ᠶᠢᠨ ᠲᠠᠷᠢᠮᠠᠯ᠂ ᠳᠠᠭᠤᠷᠢᠶᠠᠮᠠᠯ ᠬᠡᠭᠡᠷ᠎ᠡ ᠶᠢᠨ ᠲᠠᠷᠢᠮᠠᠯ | ᠵᠡᠷᠭᠡ ᠰᠢᠨ᠎ᠡ ᠮᠡᠷᠭᠡᠵᠢᠯ ᠢ ᠪᠥᠬᠦ ᠲᠠᠯ᠎ᠠ ᠪᠠᠷ ᠬᠡᠷᠡᠭᠯᠡᠪᠡ᠃ ᠬᠢᠲᠠᠳ ᠡᠪᠡᠰᠦᠨ ᠡᠮ ᠲᠠᠷᠢᠬᠤ ᠨᠢ ᠨᠢᠭᠡᠨᠲᠡ ᠠᠵᠤ | ᠠᠬᠤᠢ ᠶᠢᠨ ᠰᠢᠨ᠎ᠡ ᠦᠰᠦᠯᠳᠠ ᠶᠢᠨ ᠴᠡᠭ ᠪᠣᠯᠵᠠᠶ᠃ |