ᠴᠧᠩ ᠨᠠᠨ ᠵᠡᠭᠡᠯᠢ ᠭᠤᠳᠤᠮᠵᠢ ᠡᠷᠡᠭᠦᠯ ᠮᠡᠨᠳᠦ ᠶᠢ ᠠᠬᠢᠭᠤᠯᠬᠤ ᠪᠠ ᠡᠷᠡᠭᠦᠯ ᠮᠡᠨᠳᠦ ᠶᠢᠨ ᠬᠥᠮᠦᠵᠢᠯ ᠤᠨ ᠵᠢᠯᠣᠭᠤᠳᠬᠤ ᠬᠥᠮᠦᠰ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2019-11-01
        ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ︽ᠡᠷᠡᠭᠦᠯ ᠡᠩᠬᠡ ᠳᠤᠮᠳᠠᠳᠤ ᠤᠯᠤᠰ ᠎ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠡᠷᠡᠭᠦᠯ ᠮᠡᠨᠳᠦ ᠶᠢᠨ ᠬᠥᠮᠦᠵᠢᠯ ᠤᠨ ᠵᠢᠯᠣᠭᠤᠳᠬᠤ ᠬᠥᠮᠦᠰ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ ᠲᠦᠪᠰᠢᠨ ᠢ ᠦᠨᠡᠩᠬᠦ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠤᠷ᠎ᠠ ᠴᠢᠳᠠᠪᠤᠷᠢ ᠪᠠ ᠤᠷ᠎ᠠ ᠮᠡᠷᠭᠡᠵᠢᠯ ᠢ ᠤᠯᠠᠮᠵᠢᠯᠠᠬᠤ ᠶᠢᠨ ᠲᠥᠯᠥᠭᠡ᠂  ᠴᠧᠩ ᠨᠠᠨ ᠵᠡᠭᠡᠯᠢ ᠭᠤᠳᠤᠮᠵᠢ ᠦᠢᠷ᠎ᠠ ᠶᠢᠨ ᠡᠳᠦᠷ᠂ ᠡᠷᠡᠭᠦᠯ ᠮᠡᠨᠳᠦ ᠶᠢ ᠠᠬᠢᠭᠤᠯᠬᠤ ᠪᠠ ᠡᠷᠡᠭᠦᠯ ᠮᠡᠨᠳᠦ ᠶᠢᠨ ᠬᠥᠮᠦᠵᠢᠯ ᠤᠨ ᠵᠢᠯᠣᠭᠤᠳᠬᠤ ᠬᠥᠮᠦᠰ ᠤᠨ ᠪᠣᠯᠪᠠᠰᠤᠷᠠᠯ ᠤᠨ ᠠᠩᠭᠢ ᠡᠷᠬᠢᠯᠡᠪᠡ᠃         ᠲᠣᠰ ᠤᠳᠠᠭᠠᠨ ᠤ ᠪᠣᠯᠪᠠᠰᠤᠷᠠᠭᠤᠯᠤᠯ ᠳᠤ ᠭᠤᠤᠯᠳᠠᠭᠤ ᠡᠯ᠎ᠡ ᠨᠡᠶᠢᠭᠡᠮ ᠲᠣᠭᠤᠷᠢᠭ ︵ᠲᠣᠰᠬᠤᠨ︶᠎ ᠤᠨ ᠡᠷᠡᠭᠦᠯ ᠮᠡᠨᠳᠦ ᠶᠢᠨ ᠠᠵᠢᠯ ᠤᠨ ᠰᠦᠯᠵᠢᠶᠡᠨ ᠤ ᠵᠢᠯᠣᠭᠤᠳᠬᠤ ᠬᠥᠮᠦᠰ ᠲᠤ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ ᠵᠢᠴᠢ ᠲᠠᠶᠢᠯᠪᠤᠷᠢᠯᠠᠯᠲᠠ᠂ ᠡᠷᠡᠭᠦᠯ ᠡᠩᠬᠡ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠪᠠᠷᠢᠮᠵᠢᠶ᠎ᠠ᠂ ᠡᠷᠡᠭᠦᠯ ᠡᠩᠬᠡ ᠭᠡᠷ ᠪᠦᠯᠢ ᠶᠢ ᠡᠭᠦᠳᠦᠨ ᠪᠠᠶᠢᠭᠤᠯᠬᠤ ᠪᠠᠷᠢᠮᠵᠢᠶ᠎ᠠ ᠶᠢ ᠲᠦᠭᠡᠮᠡᠯᠵᠢᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠨ᠂ ᠨᠡᠶᠢᠭᠡᠮ ᠲᠣᠭᠤᠷᠢᠭ᠂ ᠲᠣᠰᠬᠤᠨ ᠤ ᠡᠷᠡᠬᠦᠯ ᠮᠡᠨᠳᠦ ᠶᠢᠨ ᠵᠢᠯᠣᠭᠤᠳᠣᠭᠴᠢ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠣᠯᠤᠨ ᠠᠵᠢᠯ ᠶᠠᠪᠤᠳᠠᠯ ᠬᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠰᠢᠶᠠᠨ ᠢ ᠡᠭᠦᠳᠦᠨ ᠪᠠᠶᠢᠭᠤᠯᠬᠤ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号