ᠹᠠᠨ ᠷᠦᠩ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠬᠠᠤᠯᠢ ᠳᠦᠷᠢᠮ ᠠᠮᠤᠷ ᠲᠦᠪᠰᠢᠨ ᠤ ᠬᠥᠮᠦᠵᠢᠯ ᠤᠨ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2019-11-01
         ᠰᠤᠷᠤᠭᠴᠢ ᠨᠦᠬᠦᠳ ᠤᠨ ᠬᠠᠤᠯᠢ ᠳᠦᠷᠢᠮ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠤᠨ᠂ ᠵᠠᠯᠠᠭᠤᠴᠤᠳ ᠪᠠᠭᠠᠴᠤᠳ ᠤᠨ ᠬᠠᠤᠯᠢ ᠠᠴᠠ ᠵᠥᠷᠢᠴᠡᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠬᠠᠤᠯᠢ ᠴᠠᠭᠠᠵᠠ ᠶᠢ ᠠᠰᠢᠭᠯᠠᠨ ᠥᠪᠡᠷ ᠢ ᠪᠠᠨ ᠬᠠᠮᠠᠭᠠᠯᠠᠬᠤ ᠪᠠ ᠤᠬᠠᠮᠰᠠᠷ ᠠᠴᠠ ᠪᠠᠨ ᠬᠠᠤᠯᠢ ᠲᠦᠷᠢᠮ ᠢ ᠳᠠᠭᠠᠬᠤ ᠶᠢ ᠰᠤᠷᠴᠤ᠂ ᠬᠠᠤᠯᠢ ᠶᠢ ᠮᠡᠳᠡᠬᠦ᠂ ᠬᠠᠤᠯᠢ ᠶᠢ ᠦᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠬᠢᠷᠢ ᠲᠡᠩᠴᠡᠭᠰᠡᠨ ᠰᠤᠷᠤᠭᠴᠢ ᠪᠤᠯᠭᠠᠬᠤ ᠶᠢᠨ ᠲᠦᠯᠦᠬᠡ᠂ ᠦᠢᠷ᠎ᠠ ᠳᠤ᠂ ᠹᠠᠨ ᠷᠦᠩ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳ᠋ᠠ ᠢᠩᠽᠢ ᠰᠢᠶᠠᠩ ᠤᠨ ᠲᠣᠮᠢᠯᠠᠭᠰᠠᠨ ᠰᠠᠯᠪᠤᠷᠢ ᠶᠢᠨ ᠬᠤᠶᠠᠷ ᠠᠷᠠᠳ ᠤᠨ ᠴᠠᠭᠳᠠᠭ᠎ᠠ ᠶᠢ ᠤᠷᠢᠵᠤ ᠰᠤᠷᠭᠠᠭᠤᠯᠢ ᠶᠢᠨ ᠪᠠᠭᠰᠢ ᠰᠤᠷᠤᠭᠴᠢᠳ ᠲᠤ ᠬᠠᠤᠯᠢ ᠳᠦᠷᠢᠮ ᠠᠮᠤᠷ ᠲᠦᠪᠰᠢᠨ ᠤ ᠬᠥᠮᠦᠵᠢᠯ ᠤᠨ ᠲᠠᠶᠢᠯᠤᠮᠵᠢ ᠬᠢᠯᠭᠡᠪᠡ᠃
        ᠬᠢᠴᠢᠶᠠᠯ ᠲᠠᠶᠢᠯᠤᠮᠵᠢ ᠳᠤᠮᠳᠠ᠂ ᠠᠷᠠᠳ ᠤᠨ ᠴᠠᠭᠳᠠᠭ᠎ᠠ ᠪᠣᠳᠠᠲᠠᠶ ᠠᠴᠠ ᠡᠭᠦᠰᠴᠦ᠂ ᠰᠤᠷᠤᠭᠴᠢᠳ ᠤᠨ ᠳᠡᠷᠭᠡᠳᠡ ᠡᠭᠦᠰᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠨᠦᠭᠦᠳ ᠢ ᠵᠢᠭᠰᠠᠭᠠᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠬᠠᠤᠯᠢ ᠪᠠᠷ ᠤᠴᠢᠷ ᠶᠠᠪᠤᠳᠠᠯ ᠢ ᠥᠭᠦᠯᠡᠨ᠂ ᠭᠦᠨᠵᠡᠭᠡᠶ ᠪᠥᠭᠡᠳ ᠦᠢᠯᠠᠭᠠᠮᠵᠢᠳᠠᠢ ᠪᠠᠷ ᠵᠠᠳᠠᠯᠤᠨ ᠰᠢᠨᠵᠢᠯᠡᠵᠦ᠂ ᠶᠠᠮᠠᠷ ᠶᠠᠮᠠᠷ ᠦᠢᠯᠡ ᠠᠵᠢᠯᠯᠠᠭ᠎ᠠ ᠨᠢ ᠬᠠᠤᠯᠢ ᠶᠢ ᠵᠥᠷᠢᠴᠡᠭᠰᠡᠨ᠂ ᠶᠠᠮᠠᠷ ᠦᠢᠯᠡ ᠠᠵᠢᠯᠯᠠᠭ᠎ᠠ ᠨᠢ ᠶᠠᠯ᠎ᠠ ᠬᠢᠭᠰᠡᠨ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠮᠠᠭᠤ ᠦᠷ᠎ᠡ ᠳ᠋ᠦᠩ ᠶᠢ ᠰᠤᠷᠤᠭᠴᠢᠳ ᠲᠤ  ᠦᠢᠯᠠᠭᠠᠭᠤᠯᠤᠨ᠂ ᠰᠤᠷᠤᠭᠴᠢᠳ ᠲᠤ ᠡᠳᠦᠷ ᠲᠤᠲᠤᠮ ᠤᠨ ᠰᠤᠷᠤᠯᠴᠠᠯᠭ᠎ᠠ ᠪᠠ ᠠᠮᠢᠳᠤᠷᠠᠯ ᠤᠨ ᠳᠤᠮᠳᠠ ᠬᠠᠤᠯᠢ ᠶᠢ ᠰᠠᠬᠢᠬᠤ ᠠᠷᠠᠳ ᠢᠷᠭᠡᠨ ᠪᠤᠯᠬᠤ ᠶᠢ ᠶᠠᠷᠢᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠭᠦᠨ ᠬᠥᠮᠦᠵᠢᠯ ᠬᠦᠷᠳᠡᠬᠡᠵᠠᠢ᠃ ᠰᠤᠷᠤᠭᠴᠢᠳ ᠤᠨ ᠲᠥᠯᠥᠭᠡᠯᠡᠭᠴᠢ ᠪᠠ ᠪᠠᠭᠰᠢ ᠨᠠᠷ ᠤᠨ ᠲᠥᠯᠥᠭᠡᠯᠡᠭᠴᠢ ᠲᠤᠰ ᠲᠤᠰ ᠵᠤᠷᠢᠭ ᠢᠶᠠᠨ ᠢᠯᠡᠳᠬᠡᠬᠦ ᠦᠬᠡ ᠶᠠᠷᠢᠵᠤ᠂ ᠬᠠᠮᠤᠭ ᠰᠡᠭᠦᠯ ᠳᠤ ᠨᠢ ᠰᠤᠷᠭᠠᠭᠤᠯᠢ ᠶᠢᠨ ᠵᠠᠬᠢᠷᠤᠯ ᠳ᠋ᠦᠩᠨᠡᠯᠲᠡ ᠶᠢᠨ ᠶᠠᠷᠢᠶ᠎ᠠ ᠲᠠᠯᠪᠢᠭᠰᠠᠨ ᠪᠥᠭᠡᠳ ᠣᠯᠠᠨ ᠳᠤ ᠬᠦᠰᠡᠯ ᠡᠷᠡᠮᠡᠯᠵᠡᠯ ᠳᠤᠷᠠᠳᠤᠭᠰᠠᠨ ᠪᠠᠶᠢᠨ᠎ᠠ᠃         ᠲᠣᠰ ᠤᠳᠠᠭᠠᠨ ᠤ ᠠᠵᠢᠯᠯᠠᠭᠠᠨ ᠢ ᠥᠷᠨᠢᠭᠦᠯᠦᠭᠰᠡᠨ ᠨᠢ ᠥᠷᠭᠡᠨ ᠣᠯᠠᠨ ᠪᠠᠭᠰᠢ ᠰᠤᠷᠤᠭᠴᠢᠳ ᠤᠨ ᠬᠠᠤᠯᠢ ᠴᠠᠭᠠᠵᠠ ᠶᠢᠨ ᠤᠬᠠᠮᠰᠠᠷ᠂ ᠠᠮᠤᠷ ᠲᠦᠪᠰᠢᠨ ᠤ ᠤᠬᠠᠮᠰᠠᠷ᠂ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠠᠮᠳᠤ ᠶᠢᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号