ᠤᠯᠠᠭᠠᠨᠬᠠᠳᠠ ᠶᠢᠨ ᠱᠢ ᠶᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠦᠷᠢᠶᠡᠯᠡᠩ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠢ ᠬᠠᠩᠭᠠᠬᠤ ᠢᠨᠵᠧᠨᠧᠷᠢᠩ ᠤᠨ ᠲᠥᠷᠥᠯ ᠵᠦᠢᠯ ᠨᠢ ᠰᠢᠲᠠᠮᠠᠬᠠᠶ ᠬᠡᠢ ᠬᠠᠩᠭᠠᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2019-11-12
        ᠤᠯᠠᠭᠠᠨᠬᠠᠳᠠ ᠶᠢᠨ ᠱᠢ ᠶᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠦᠷᠢᠶᠡᠯᠡᠩ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠢ ᠬᠠᠩᠭᠠᠬᠤ ᠢᠨᠵᠧᠨᠧᠷᠢᠩ ᠤᠨ ᠲᠥᠷᠥᠯ ᠵᠦᠢᠯ ᠢ 2018 ᠤᠨ ᠤ 9 ᠰᠠᠷ᠎ᠠ ᠳᠤ ᠠᠵᠢᠯ ᠡᠬᠢᠯᠡᠭᠦᠯᠵᠦ᠂ ᠣᠳᠣ ᠪᠣᠯᠲᠠᠯ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠲᠢᠶᠠᠨ ᠢ ᠺᠣᠮᠫᠠᠨᠢ᠂ ᠬᠤᠸᠠ ᠯᠦᠩ ᠺᠣᠮᠫᠠᠨᠢ ᠰᠢᠲᠠᠮᠠᠬᠠᠶ ᠬᠡᠢ ᠶᠢᠨ ᠵᠤᠤᠬ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠱᠢ ᠶᠤᠸᠠᠨ ᠺᠣᠮᠫᠠᠨᠢ ᠲᠠᠢ ᠬᠠᠮᠲᠤᠷᠠᠯᠴᠠᠭ᠎ᠠ ᠥᠷᠨᠢᠭᠦᠯᠵᠦ᠂ ᠣᠳᠣᠬᠠᠨ ᠳᠤ ᠡᠳᠦᠷ ᠲᠣᠲᠤᠮ ᠤᠨ ᠰᠢᠲᠠᠮᠠᠬᠠᠶ ᠬᠡᠢ ᠶᠢᠨ ᠬᠠᠩᠭᠠᠯᠲᠠ ᠶᠢ 2000 ᠭᠠᠷᠤᠶ ᠪᠣᠰᠤᠭ᠎ᠠ ᠳᠥᠷᠪᠡᠯᠵᠢᠨ ᠮᠧᠲᠷ ᠡᠳᠦᠷ ᠲᠣᠲᠤᠮ ᠤᠨ ᠳᠤᠯᠠᠭᠠᠯᠠᠭ᠎ᠠ ᠳᠤ ᠬᠡᠷᠡᠭᠯᠡᠵᠦ ᠪᠠᠶᠢᠨ᠎ᠠ᠃ ᠵᠢᠱᠢᠯᠲᠡ ᠪᠠᠷ 2020 ᠣᠨ ᠳᠤ᠂ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠰᠢᠲᠠᠮᠠᠬᠠᠶ ᠬᠡᠢ ᠶᠢᠨ ᠵᠤᠤᠬ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ᠂ ᠲᠥᠷᠥᠯ ᠵᠦᠢᠯ ᠨᠢ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠪᠡᠶᠡᠯᠡᠭᠦᠯᠵᠦ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ 3.06 ᠳ᠋ᠦᠩᠰᠢᠭᠤᠷ ᠲᠥᠭᠦᠷᠢᠭ ᠂ ᠭᠠᠶᠢᠯᠢ ᠶᠢᠨ ᠣᠷᠣᠯᠭ᠎ᠠ 0.11 ᠳ᠋ᠦᠩᠰᠢᠭᠤᠷ ᠲᠥᠭᠦᠷᠢᠭ᠂ 120 ᠬᠥᠮᠦᠨ ᠢ ᠲᠥᠪᠬᠢᠨᠡᠭᠦᠯᠵᠦ ᠠᠵᠢᠯ ᠣᠯᠭᠤᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号