ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠡᠷᠬᠢᠯᠡᠭᠴᠢ ᠸᠠᠩ ᠶᠠᠨ ᠯᠢᠨᠰᠢ ᠰᠢᠶᠠᠨ ᠳᠤ ᠬᠦᠷᠴᠦ ᠠᠵᠢᠯ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-11-12
        11 ᠰᠠᠷ᠎ᠠ ᠶᠢᠨ 4 ᠤ ᠡᠳᠦᠷ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠡᠷᠬᠢᠯᠡᠭᠴᠢ ᠸᠠᠩ ᠶᠠᠨ ᠨᠠᠷ ᠯᠢᠨᠰᠢ ᠰᠢᠶᠠᠨ ᠳᠤ ᠬᠦᠷᠴᠦ ᠰᠦᠯᠵᠢᠶᠡᠨ ᠤ ᠠᠮᠤᠷ ᠲᠦᠪᠰᠢᠨ ᠪᠠ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠯᠢ ᠨᠠ ᠪᠠᠶᠢᠴᠠᠭᠠᠨ ᠰᠤᠳᠤᠯᠤᠯᠲᠠ ᠳᠤ ᠪᠠᠷ᠎ᠠ ᠪᠤᠯᠵᠠᠢ᠃         ᠸᠠᠩ ᠶᠠᠨ ᠨᠠᠷ ᠤᠷᠢᠳ ᠬᠤᠵᠢᠳ ᠯᠢᠨᠰᠢ ᠰᠢᠶᠠᠨ ᠤ ᠲᠣᠮᠣ ᠳ᠋ᠠᠶᠢᠲ᠋ᠠ ᠶᠢᠨ ᠲᠥᠪ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠣᠭᠴᠠᠵᠢᠭᠤᠯᠤᠭᠰᠠᠨ ᠳ᠋ᠠᠶᠢᠲ᠋ᠠ ᠶᠢᠨ ᠲᠥᠪ ᠪᠣᠯᠤᠨ ᠤᠰᠤᠨ ᠤ ᠶᠠᠪᠤᠳᠠᠯ ᠤᠨ ᠲᠣᠪᠴᠢᠶ᠎ᠠ ᠳᠤ ᠬᠦᠷᠴᠦ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠦ᠂ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠵᠡᠷᠭᠡ ᠠᠷᠭ᠎ᠠ ᠬᠡᠯᠪᠡᠷᠢ ᠪᠠᠷ ᠡᠯ᠎ᠡ ᠰᠢᠰᠲ᠋ᠧᠮ ᠤᠨ ᠠᠵᠢᠯᠯᠠᠭᠤᠯᠵᠤ ᠬᠠᠮᠠᠭᠠᠯᠠᠭᠰᠠᠨ ᠪᠠᠶᠢᠳᠠᠯ ᠪᠣᠯᠤᠨ ᠠᠮᠤᠷ ᠲᠦᠪᠰᠢᠨ ᠤ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠂ ᠲᠡᠷᠡ᠂ ᠰᠦᠯᠵᠢᠶᠡᠨ ᠤ ᠠᠮᠤᠷ ᠲᠦᠪᠰᠢᠨ ᠤ ᠠᠵᠢᠯ ᠢ ᠴᠢᠨᠠᠭᠰᠢᠳᠠ ᠴᠢᠩᠭᠠᠳᠬᠠᠵᠤ᠂ ᠰᠦᠯᠵᠢᠶ᠎ᠡ ᠪᠣᠯᠤᠨ ᠮᠡᠳᠡᠭᠡ ᠵᠠᠩᠭᠢ ᠶᠢᠨ ᠰᠢᠰᠲ᠋ᠧᠮ ᠤᠨ ᠪᠣᠳᠠᠲᠤ ᠴᠣᠭᠴᠠ ᠶᠢᠨ ᠠᠮᠤᠷ ᠲᠦᠪᠰᠢᠨ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠵᠤ᠂ ᠡᠯ᠎ᠡ ᠬᠦᠷᠢᠶᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号