| 11 ᠰᠠᠷ᠎ᠠ ᠶᠢᠨ 8 ᠤ ᠡᠳᠦᠷ ᠤᠨ ᠰᠤᠷᠪᠤᠯᠵᠢᠯᠠᠭᠴᠢ ᠶᠢᠨ ᠪᠠᠶᠠᠷ ᠬᠦᠷᠴᠦ ᠢᠷᠡᠬᠦ ᠲᠠᠰᠢᠷᠠᠮ ᠳᠤ᠂ | ᠯᠢᠨᠰᠢ ᠰᠢᠶᠠᠨ ᠭᠠᠳᠠᠭᠰᠢ ᠤᠬᠠᠭᠤᠯᠭ᠎ᠠ ᠶᠢᠨ ᠰᠣᠨᠢᠨ ᠮᠡᠳᠡᠭᠡᠨ ᠤ10 ᠰᠢᠯᠢᠳᠡᠭ ᠪᠦᠲᠦᠭᠡᠯ ᠢ ᠱᠠᠩᠨᠠᠨ | ᠬᠦᠬᠢᠬᠦᠯᠦᠭᠰᠡᠨ ᠪᠠ ᠬᠤᠷᠢᠳᠠᠬᠢ ᠰᠤᠷᠪᠤᠯᠵᠢᠯᠠᠭᠴᠢ ᠶᠢᠨ ᠪᠠᠶᠠᠷ ᠢᠶᠠᠨ ᠬᠠᠮᠲᠤ ᠪᠠᠷ ᠪᠡᠯᠬᠡᠯᠡᠬᠦ ᠠᠵᠢᠯᠯᠠᠭᠠᠨ | ᠦᠷᠨᠢᠬᠦᠯᠪᠡ᠃ ᠠᠵᠢᠯᠯᠠᠭᠠᠨ ᠳᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠸᠠᠩ ᠯᠢ ᠨᠠ ᠪᠠᠶᠠᠷ ᠤᠨ ᠦᠭᠡ ᠬᠡᠯᠡᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠢ ᠲᠥᠯᠥᠭᠡᠯᠡᠨ ᠰᠣᠨᠢᠨ ᠮᠡᠳᠡᠭᠡᠨ ᠤ ᠹᠷᠣᠨᠲ ᠲᠤ ᠠᠵᠢᠯᠯᠠᠵᠤ ᠪᠠᠶᠢᠭ᠎ᠠ ᠪᠦᠬᠦ ᠠᠵᠢᠯᠲᠠᠨ ᠳᠤ | ᠪᠠᠶᠠᠷ ᠤᠨ ᠡᠳᠦᠷ ᠤᠨ ᠮᠡᠨᠳᠦᠴᠢᠯᠡᠯ ᠪᠠ ᠬᠠᠯᠠᠭᠤᠨ ᠪᠠᠶᠠᠷ ᠬᠦᠷᠭᠡᠪᠡ᠃ | | | | | | | | | | | | | ᠸᠠᠩ ᠯᠢ ᠨᠠ ᠶᠠᠷᠢᠶᠠᠨ ᠳᠠᠭᠠᠨ᠂ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠠᠯᠬᠤᠴᠠ ᠪᠠᠨ | ᠴᠢᠩᠭᠠᠳᠬᠠᠨ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠦᠵᠡᠯ ᠰᠠᠨᠠᠭ᠎ᠠ ᠲᠠᠢ᠂ ᠬᠠᠯᠠᠭᠤᠨ ᠳᠤᠯᠠᠭᠠᠨ᠂ ᠴᠢᠨᠠᠷ | ᠰᠠᠶᠢᠲᠠᠶ ᠰᠣᠨᠢᠨ ᠮᠡᠳᠡᠭᠡᠨ ᠤ ᠮᠡᠳᠡᠭᠡᠯᠡᠯ ᠢ ᠰᠠᠶᠢᠲᠤᠷ ᠪᠢᠴᠢᠬᠦ ᠬᠡᠷᠡᠭᠳᠠᠢ︔ ᠬᠠᠷᠠᠴᠠ ᠪᠠᠨ ᠨᠡᠮᠡᠭᠳᠡᠭᠦᠯᠦᠨ᠂ | ᠠᠷᠠᠳ ᠤᠨ ᠪᠠᠶᠢᠳᠠᠯ ᠢ ᠨᠡᠪᠲᠡ ᠠᠵᠢᠭᠯᠠᠵᠤ᠂ ᠵᠥᠪ ᠡᠨᠧᠷᠭᠢ ᠶᠢ ᠪᠠᠳᠠᠷᠠᠭᠤᠯᠤᠨ ᠳᠡᠯᠭᠡᠷᠡᠭᠦᠯᠵᠦ᠂ ᠮᠡᠳᠡᠭᠡᠯᠡᠯ ᠢ ᠨᠠᠩ | ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ᠂ ᠴᠠᠭ ᠤᠨ ᠬᠤᠪᠢᠶᠠᠷᠢ ᠲᠠᠢ ᠪᠤᠯᠭᠠᠬᠤ ᠬᠡᠷᠡᠭᠳᠠᠢ︔ ᠰᠡᠳᠬᠢᠨ | ᠪᠤᠳᠤᠬᠤ ᠪᠠᠨ ᠴᠢᠩᠭᠠᠷᠠᠭᠤᠯᠵᠤ᠂ ᠠᠷᠠᠳ ᠤᠨ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠰᠢᠨ᠎ᠡ ᠮᠡᠳᠡᠯᠭᠡ ᠶᠢ | ᠲᠠᠰᠤᠷᠠᠯᠲᠠ ᠦᠭᠡᠢ ᠡᠵᠡᠮᠰᠢᠵᠦ᠂ ᠰᠢᠨ᠎ᠡ ᠬᠦᠷᠢᠶ᠎ᠡ ᠶᠢ ᠬᠠᠶᠢᠨ ᠰᠦᠪᠡᠭᠴᠢᠯᠡᠵᠦ᠂ ᠰᠢᠨ᠎ᠡ ᠬᠠᠷᠠᠭ᠎ᠠ ᠪᠠᠨ | ᠥᠷᠭᠡᠳᠬᠡᠵᠦ᠂ ᠯᠢᠨᠰᠢ ᠶᠢᠨ ᠦᠢᠯᠠ ᠶᠠᠪᠤᠳᠠᠯ ᠢ ᠨᠠᠩ ᠭᠤᠢᠳᠠ ᠰᠠᠶᠢᠬᠠᠨ ᠪᠢᠴᠢᠭᠯᠡᠬᠦ ᠬᠡᠷᠡᠭᠳᠠᠢ︔ ᠮᠡᠳᠡᠬᠡᠯᠡᠨ | ᠪᠢᠴᠢᠬᠦ ᠴᠢᠳᠠᠪᠤᠷᠢ ᠪᠠᠨ ᠴᠢᠩᠭᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠨ᠂ ᠲᠥᠪ ᠶᠣᠰᠣ ᠶᠢ ᠰᠠᠬᠢᠵᠤ | ᠰᠢᠨ᠎ᠡ ᠶᠢ ᠡᠬᠦᠳᠬᠦ ᠨᠢᠭᠡᠨ ᠰᠠᠯᠠᠭ᠎ᠠ ᠴᠠᠭᠠᠷᠠᠭᠰᠠᠨ ᠰᠣᠨᠢᠨ ᠮᠡᠳᠡᠭᠡᠨ ᠤ ᠤᠬᠠᠭᠤᠯᠭ᠎ᠠ ᠶᠢᠨ ᠡᠩᠨᠡᠭᠡ ᠶᠢ ᠴᠢᠷᠮᠠᠶᠢᠨ | ᠪᠠᠶᠢᠭᠤᠯᠵᠤ᠂ ᠯᠢᠨᠰᠢ ᠰᠢᠶᠠᠨ ᠤ ᠪᠦᠳᠦᠬᠡᠨ ᠪᠠᠶᠢᠭᠤᠯᠤᠯᠳᠠ ᠳᠤ ᠨᠠᠩ ᠬᠦᠴᠦᠲᠡᠶ ᠣᠶᠤᠨ ᠰᠠᠨᠠᠭᠠᠨ ᠤ ᠬᠥᠳᠡᠯᠭᠡᠬᠦ | ᠬᠦᠴᠦᠨ ᠪᠠ ᠰᠣᠶᠣᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠬᠡᠵᠠᠢ᠃ | ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠬᠠᠢ ᠶᠠᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠯᠢᠨᠰᠢ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠯᠢᠨᠰᠢ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠱᠠᠩᠨᠠᠨ ᠬᠦᠬᠢᠬᠦᠯᠬᠦ ᠲᠣᠭᠲᠠᠭᠠᠯ ᠢ ᠤᠩᠰᠢᠨ ᠨᠡᠶᠢᠲᠡᠯᠡᠵᠦ᠂ ᠰᠤᠨᠢᠨ ᠮᠡᠳᠡᠬᠡᠨ ᠤ | 10 ᠰᠢᠯᠢᠳᠡᠭ ᠭᠠᠳᠠᠭᠠᠳᠤ ᠤᠬᠠᠭᠤᠯᠭ᠎ᠠ ᠶᠢᠨ ᠪᠦᠲᠦᠭᠡᠯ ᠢ ᠬᠥᠬᠢᠭᠦᠯᠦᠨ ᠰᠠᠶᠢᠰᠢᠶᠠᠪᠠ᠃ | | |