ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠦᠨᠡᠩᠬᠦ ᠰᠠᠶᠢᠲᠤᠷ ᠬᠢᠵᠦ᠂ ᠥᠷᠭᠡᠨ ᠣᠯᠠᠨ | ᠪᠠᠭᠰᠢ ᠨᠠᠷ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠪᠠᠭᠰᠢ | ᠨᠠᠷ ᠤᠨ ᠠᠮᠤᠷ ᠲᠦᠪᠰᠢᠨ ᠤ ᠬᠡᠪ ᠴᠢᠨᠠᠷ ᠢ ᠲᠡᠭᠡᠭᠰᠢᠯᠡᠬᠦᠯᠦᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ 11 ᠰᠠᠷ᠎ᠠ ᠶᠢᠨ 6 ᠤ ᠡᠳᠦᠷ᠂ ᠰᠢᠨ | ᠯᠢᠨ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠥᠪᠥᠷ ᠮᠣᠩᠭᠤᠯ ᠤᠨ ᠤᠯᠤᠰ ᠤᠨ | ᠠᠮᠤᠷ ᠲᠦᠪᠰᠢᠨ ᠤ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠲᠥᠪ ᠤᠨ ᠪᠠᠭᠰᠢ ᠶᠢ ᠤᠷᠢᠵᠤ ᠭᠠᠯ | ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠬᠦᠷᠲᠡᠭᠡᠪᠡ᠃ | | | | | | | | | | | | | | | | | | | | ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠲᠥᠪ ᠤᠨ ᠪᠠᠭᠰᠢ ᠠᠴᠠ ᠪᠣᠳᠠᠲᠠᠶ ᠠᠮᠢᠳᠤᠷᠠᠯ | ᠳᠤᠮᠳᠠ ᠡᠭᠦᠰᠦᠭᠰᠡᠨ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠡᠰᠢᠯᠡᠨ ᠬᠡᠷᠡᠭᠯᠡᠵᠦ᠂ ᠬᠥᠮᠦᠨ ᠢ ᠰᠣᠴᠢᠭᠠᠮ᠎ᠠ | ᠪᠣᠳᠠᠲᠤ ᠵᠢᠱᠢᠶ᠎ᠡ ᠪᠠ ᠭᠠᠯ ᠭᠠᠷᠤᠭᠰᠠᠨ ᠲᠤᠬᠠᠶ ᠶᠢᠨ ᠲᠠᠯᠠᠪᠠᠢ ᠶᠢᠨ ᠵᠢᠷᠤᠭ ᠲᠠᠢ ᠤᠶᠠᠯᠳᠤᠭᠤᠯᠤᠨ᠂ ᠪᠠᠭᠰᠢ ᠨᠠᠷ ᠲᠤ | ᠭᠠᠯ ᠰᠡᠷᠭᠡᠶᠢᠯᠡᠬᠦ ᠶᠢᠨ ᠴᠢᠬᠤᠯᠠ ᠴᠢᠨᠠᠷ ᠢ ᠦᠨᠡᠩᠬᠦ ᠦᠢᠯᠠᠭᠠᠭᠤᠯᠵᠠᠢ᠃ ᠲᠡᠷᠡ ᠭᠠᠯ ᠤᠨ ᠠᠶᠤᠯ ᠡᠭᠦᠰᠦᠭᠰᠡᠨ | ᠰᠢᠯᠲᠠᠭᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠴᠢᠬᠤᠯᠠ ᠴᠢᠨᠠᠷ︔ ᠡᠳᠦᠷ | ᠲᠤᠲᠤᠮ ᠤᠨ ᠠᠮᠢᠳᠤᠷᠠᠯ ᠤᠨ ᠳᠤᠮᠳᠠᠬᠢ ᠭᠠᠯ ᠤᠨ ᠠᠶᠤᠯ ᠤᠨ ᠳᠠᠯᠳᠠ ᠭᠡᠮ᠂ ᠭᠠᠯ ᠰᠡᠷᠭᠡᠶᠢᠯᠡᠨ ᠤᠨᠲᠠᠷᠠᠭᠠᠬᠤ | ᠮᠡᠳᠡᠯᠭᠡ ᠶᠢ ᠰᠤᠷᠤᠯᠴᠠᠬᠤ ᠶᠢᠨ ᠴᠢᠬᠤᠯᠠ ᠴᠢᠨᠠᠷ︔ ᠡᠯ᠎ᠡ ᠲᠥᠷᠥᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ | ᠬᠡᠷᠡᠭᠯᠡᠬᠦ ᠠᠷᠭ᠎ᠠ ᠵᠢᠴᠢ ᠲᠡᠭᠦᠨ ᠤ ᠴᠢᠳᠠᠪᠤᠷᠢ ︔ ᠭᠠᠯ ᠤᠨ ᠠᠶᠤᠯ ᠭᠠᠷᠤᠭᠰᠠᠨ ᠲᠤᠬᠠᠶ ᠶᠢᠨ ᠲᠠᠯᠠᠪᠤᠷ ᠲᠤ ᠠᠮᠢ | ᠵᠢᠭᠤᠲᠠᠬᠤ ᠮᠡᠷᠭᠡᠵᠢᠯ ᠪᠣᠯᠤᠨ ᠠᠩᠬᠠᠨ ᠤ ᠬᠤᠭᠤᠴᠠᠭᠠᠨ ᠤ ᠭᠠᠯ ᠤᠨ ᠠᠶᠤᠯ ᠢ ᠤᠨᠲᠠᠷᠠᠭᠠᠬᠤ ᠴᠠᠭ ᠲᠣᠬᠢᠶᠠᠯ | ᠪᠣᠯᠤᠨ ᠠᠷᠭ᠎ᠠ ᠵᠡᠷᠬᠡ ᠬᠡᠳᠦᠨ ᠲᠠᠯ᠎ᠠ ᠪᠠᠷ ᠴᠢᠬᠤᠯᠠᠴᠢᠯᠠᠨ ᠲᠠᠶᠢᠯᠪᠤᠷᠢᠯᠠᠪᠠ᠃ | ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠥᠷᠨᠢᠭᠦᠯᠬᠦ ᠪᠠᠷ ᠳᠠᠮᠵᠢᠨ᠂ ᠪᠠᠭᠰᠢ | ᠨᠠᠷ ᠲᠤ ︽ᠢᠯᠡᠭᠦᠤ ᠨᠢᠭᠡ ᠬᠠᠷᠢᠭᠤᠴᠠᠯᠭ᠎ᠠ ᠡᠬᠦᠷᠬᠡᠯᠡᠪᠡᠯ᠂ ᠬᠠᠷᠠᠮᠰᠠᠯ ᠳᠤᠲᠠᠭᠤ ᠨᠢᠭᠡ ᠬᠤᠪᠢ︾ ᠭᠡᠬᠦ ᠶᠣᠰᠣ ᠶᠢ | ᠮᠡᠳᠡᠭᠦᠯᠵᠦ᠂ ︽ᠬᠥᠮᠦᠨ ᠪᠦᠬᠦᠨ ᠭᠠᠯ ᠤᠨᠲᠠᠷᠠᠭᠠᠬᠤ ᠶᠢ ᠣᠶᠢᠯᠠᠭᠠᠬᠤ᠂ ᠬᠥᠮᠦᠨ ᠪᠦᠬᠦᠨ ᠭᠠᠯ ᠤᠨᠲᠠᠷᠠᠭᠠᠬᠤ ᠶᠢ | ᠠᠩᠬᠠᠷᠬᠤ᠂ ᠬᠥᠮᠦᠨ ᠪᠦᠬᠦᠨ ᠭᠠᠯ ᠤᠨᠲᠠᠷᠠᠭᠠᠬᠤ ᠳᠤ ᠣᠷᠣᠯᠴᠠᠬᠤ︾ ᠶᠣᠰᠣ ᠤᠴᠢᠷ ᠢ ᠬᠦᠢᠴᠡᠳ ᠲᠠᠨᠢᠭᠤᠯᠵᠠᠢ᠃ | | |