ᠯᠢᠨᠰᠢ ᠰᠢᠶᠠᠨ ᠨᠠᠷᠢᠯᠢᠭ ᠣᠨᠣᠪᠴᠢᠲᠠᠢ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠡᠬᠡᠷ᠎ᠠ ᠬᠦᠴᠦᠯᠡᠵᠤ ᠪᠤᠢ
ᠨᠡᠶᠢᠲᠡᠯᠡᠭᠰᠡᠨ ᠴᠠᠭ᠄
2019-11-15
        ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ︽ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ︾᠎ ᠶᠢ ᠴᠢᠬᠤᠯᠠ ᠪᠠᠶᠢᠷᠢᠨ ᠳᠤ ᠲᠠᠯᠪᠢᠬᠤ ᠪᠠ ᠡᠳᠦᠷ ᠲᠤᠲᠤᠮ ᠤᠨ ᠵᠥᠪᠯᠡᠬᠦ ᠵᠦᠢᠯ ᠳᠤ ᠣᠷᠣᠭᠤᠯᠵᠤ᠂ ︽ᠪᠦᠬᠦ ᠠᠷᠠᠳ ᠤᠨ ᠡᠷᠡᠭᠦᠯ ᠮᠡᠨᠳᠦ ᠪᠠᠶᠢᠬᠤ ᠦᠭᠡᠢ ᠪᠣᠯ ᠪᠦᠬᠦ ᠲᠠᠯ᠎ᠠ ᠪᠠᠷ ᠴᠢᠨᠡᠭᠡᠯᠢᠭᠵᠢᠵᠤ ᠲᠡᠶᠢᠯᠬᠦ ᠦᠬᠡᠢ︾ ᠴᠢᠬᠤᠯᠠ ᠨᠤᠲᠠᠯᠠᠯᠲᠠ ᠶᠢ ᠳᠤᠷᠠᠳᠤᠨ ᠭᠠᠷᠭᠠᠪᠠ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠᠬᠢ ᠴᠢᠬᠤᠯᠠ ᠳᠠᠶᠢᠯᠠᠯᠳᠤᠭᠠᠨ ᠪᠣᠯᠤᠨ᠎ᠠ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠭᠡ ᠲᠠᠯ᠎ᠠ ᠲᠠᠢ ᠬᠤᠯᠪᠣᠭᠳᠠᠨ᠎ᠠ᠃        ᠡᠪᠡᠳᠴᠢᠨ ᠠᠴᠠ ᠪᠣᠯᠵᠤ ᠶᠠᠳᠠᠭᠤᠷᠠᠬᠤ ᠳᠠᠬᠢᠨ ᠶᠠᠳᠠᠭᠤᠷᠠᠬᠤ ᠠᠰᠠᠭᠤᠳᠠᠯ ᠢ ᠰᠡᠢᠳᠪᠦᠷᠢᠯᠡᠬᠦ ᠶᠢᠨ ᠲᠥᠯᠥᠭᠡ᠂ ᠯᠢᠨᠰᠢ ᠰᠢᠶᠠᠨ ︽1351︾ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠢ ︽ᠡᠪᠡᠳᠴᠢᠨ ᠦᠵᠡᠭᠦᠯᠬᠦ ᠳᠤ ᠲᠠᠬᠢᠨ ᠲᠡᠶᠢᠮᠦ ᠶᠡᠭᠡ ᠵᠤᠭᠤᠰ ᠮᠦᠩᠬᠦ ᠵᠠᠷᠤᠴᠠᠭᠤᠯᠬᠤ ᠦᠬᠡᠢ︾ ᠪᠣᠯᠭᠠᠪᠠ᠃  ︽1︾ ︽3︾ ᠭᠡᠳᠡᠭ ᠨᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠪᠡᠳᠴᠢᠨ ᠠᠴᠠ ᠪᠣᠯᠵᠤ ᠡᠮᠨᠡᠯᠭᠡ ᠳᠤ ᠰᠠᠭᠤᠭᠰᠠᠨ ᠵᠠᠷᠤᠳᠠᠯ ᠢ ᠶᠠᠳᠠᠭᠤ ᠠᠴᠠ ᠠᠩᠭᠢᠵᠢᠷᠠᠭᠤᠯᠬᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠠᠴᠠ ᠳᠠᠭᠠᠭᠠᠨ ᠠᠪᠤᠷᠠᠨ ᠲᠤᠰᠠᠯᠠᠵᠤ᠂ ᠬᠤᠪᠢ ᠬᠥᠮᠦᠨ ᠤ ᠥᠪᠡᠰᠦᠪᠡᠨ ᠲᠥᠯᠥᠬᠦ ᠵᠠᠷᠤᠳᠠᠯ ᠢ ᠶᠡᠷᠦᠩᠬᠡᠶ ᠵᠠᠷᠤᠳᠠᠯ ᠤᠨ 10 %᠎ ᠠᠴᠠ ᠬᠡᠲᠦᠷᠡᠭᠦᠯᠵᠦ ᠪᠣᠯᠬᠤ ᠥᠬᠡᠶ᠂ ᠬᠤᠪᠢ ᠬᠥᠮᠦᠨ ᠤ ᠥᠪᠡᠰᠦᠪᠡᠨ ᠲᠥᠯᠥᠬᠦ ᠭᠠᠭᠴᠠ ᠤᠳᠠᠭᠠᠨ ᠤ ᠵᠠᠷᠤᠳᠠᠯ ᠪᠤᠶᠤ ᠵᠢᠯ ᠤᠨ ᠬᠤᠷᠠᠮᠳᠤᠭᠤᠯᠤᠭᠰᠠᠨ ᠰᠦᠢᠳᠬᠡᠯ 3000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ︔ ︽5︾ ᠭᠡᠳᠡᠭ ᠨᠢ ᠳᠠᠷᠤᠶ ᠶᠠᠳᠠᠭᠤ ᠬᠦᠴᠢᠷᠳᠡᠯ ᠲᠠᠢ ᠬᠥᠮᠥᠨ ᠠᠮᠠ ᠶᠢᠨ ᠡᠭᠦᠳᠡᠨ ᠡᠮᠨᠡᠯᠭᠡ ᠶᠢᠨ ᠵᠠᠷᠤᠳᠠᠯ ᠢ ᠬᠤᠪᠢ ᠬᠥᠮᠥᠨ ᠥᠪᠡᠰᠦᠪᠡᠨ 5 %᠎ ᠪᠠᠷ ᠲᠥᠯᠥᠨ᠎ᠡ︔ ︽1︾ ᠭᠡᠳᠡᠭ ᠨᠢ ᠳᠠᠷᠤᠶ ︽ᠨᠢᠭᠡ ᠥᠷᠲᠡᠭᠡ ᠮᠠᠶ᠋ᠢᠭ︾᠎ ᠤᠨ ᠦᠢᠯᠡᠴᠢᠯᠡᠭᠡ ᠶᠢ ᠬᠡᠷᠡᠭᠵᠢᠭᠦᠯᠬᠦ ᠶᠠᠪᠤᠳᠠᠯ ᠪᠣᠯᠤᠨ᠎ᠠ᠃ ᠬᠤᠶᠠᠷ ᠵᠢᠯ ᠤᠨ ᠲᠤᠷᠰᠢ᠂ ᠡᠯ᠎ᠡ ᠲᠥᠷᠥᠯ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠨᠡᠯᠭᠡ ᠳᠤ ᠰᠠᠭᠤᠭᠰᠠᠨ ᠡᠪᠡᠳᠴᠢᠲᠡᠨ ᠢ ᠨᠡᠶᠢᠲᠡ 24 ᠬᠥᠮᠦᠨ ᠤᠳᠠᠭ᠎ᠠ ᠠᠪᠤᠷᠠᠨ ᠵᠠᠰᠠᠵᠤ᠂ ᠲᠥᠷᠦ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠳᠠᠩᠰᠠᠨ ᠠᠴᠠ ᠲᠠᠶᠢᠯᠬᠤ ᠬᠠᠷᠢᠴᠠᠯ ᠢ 90 %᠎ ᠠᠴᠠ ᠳᠡᠭᠡᠭᠰᠢ ᠳᠤ ᠬᠦᠷᠭᠡᠪᠡ︔ 54058 ᠬᠥᠮᠦᠨ ᠤᠳᠠᠭ᠎ᠠ ᠶᠢ ᠠᠪᠤᠷᠠᠨ ᠵᠠᠰᠠᠵᠤ᠂ ᠳᠠᠩᠰᠠ ᠴᠠᠶᠢᠷᠠᠭᠤᠯᠬᠤ ᠪᠣᠳᠠᠲᠠᠶ ᠬᠠᠷᠢᠴᠠᠯ ᠢ 95 %᠎ ᠳᠤ ᠬᠦᠷᠭᠡᠪᠡ᠃ ᠡᠭᠦᠨ ᠤ ᠬᠠᠮᠲᠤ᠂ ᠬᠥᠳᠡᠯᠦᠩᠭᠦᠶ ᠬᠠᠮᠢᠶᠠᠷᠤᠯᠲᠠ ᠶᠢᠨ ᠶᠠᠪᠤᠴᠠ ᠳᠤ ᠲᠦᠷ ᠴᠠᠭ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠵᠠᠬ᠎ᠠ ᠬᠢᠵᠠᠭᠠᠷ ᠤᠨ ᠬᠥᠮᠦᠨ ᠠᠮᠠ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ᠂ ᠲᠦᠷ ᠴᠠᠭ ᠤᠨ ᠡᠮᠴᠢᠯᠡᠭᠡ ᠪᠠᠷ ᠠᠪᠤᠷᠠᠨ ᠲᠤᠰᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠱᠠᠲᠤ ᠬᠤᠪᠢᠶᠠᠨ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号