ᠡᠪᠦᠯ ᠤᠨ ᠤᠯᠠᠷᠢᠯ ᠳᠤ᠂ ᠲᠠᠪᠢᠨ ᠬᠡᠷ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠪᠠᠨ ᠨᠡᠶᠢᠭᠡᠮ ᠤᠨ | ᠠᠮᠤᠷ ᠲᠦᠪᠰᠢᠨ ᠤ ᠪᠠᠶᠢᠳᠠᠯ ᠲᠠᠢ ᠤᠶᠠᠯᠳᠤᠭᠤᠯᠤᠨ᠂ ᠪᠥᠬᠦ ᠴᠠᠭᠳᠠᠭ᠎ᠠ ᠶᠢ ᠳᠠᠶᠢᠴᠢᠯᠠᠵᠤ᠂ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠬᠡᠪᠡᠷ ᠬᠡᠷᠡᠭᠯᠡᠨ᠂ ᠡᠯ᠎ᠡ ᠵᠦᠢᠯ ᠤᠨ ᠠᠮᠤᠷ ᠲᠦᠪᠰᠢᠨ ᠤ ᠰᠠᠭᠤᠷᠢ ᠠᠵᠢᠯ ᠢ ᠪᠠᠬᠢᠵᠢᠭᠦᠯᠵᠦ᠂ | ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠡᠷᠴᠢᠮ ᠢᠶᠠᠨ ᠦᠨᠡᠩᠬᠦ ᠴᠢᠩᠭᠠᠳᠬᠠᠨ᠂ ᠬᠠᠷᠢᠶ᠎ᠠ ᠣᠷᠣᠨ ᠤ ᠪᠠᠨ ᠠᠮᠤᠷ | ᠲᠦᠪᠰᠢᠨ ᠤ ᠡᠮᠬᠢ ᠳᠢᠭᠯᠢᠮ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃ | | ᠨᠢᠭᠡ ᠳᠤ᠂ ᠠᠮᠤᠷ ᠢ ᠬᠠᠮᠠᠭᠠᠯᠠᠬᠤ ᠭᠠᠵᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ︽ᠱᠠᠯᠢᠭ | ᠵᠠᠪᠬᠠᠶ ᠵᠦᠢᠯ᠂ ᠵᠣᠭᠤᠰ ᠨᠠᠭᠠᠳᠬᠤ᠂ ᠬᠤᠤᠷ ᠲᠠᠲᠠᠬᠤ︾ ᠳᠤ ᠴᠣᠬᠢᠯᠲᠠ ᠥᠭᠬᠦ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ | ᠠᠵᠢᠯ ᠲᠥᠷᠥᠯ ᠤᠨ ᠲᠠᠯᠠᠪᠤᠷ ᠭᠠᠵᠠᠷ ᠢ ᠪᠦᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠵᠦ᠂ ᠨᠡᠶᠢᠭᠡᠮ ᠤᠨ ᠣᠷᠴᠢᠨ | ᠲᠣᠭᠤᠷᠢᠨ ᠢ ᠴᠢᠷᠮᠠᠶᠢᠨ ᠴᠡᠪᠡᠷᠰᠢᠭᠦᠯᠦᠨ᠎ᠡ᠃ ᠬᠤᠲᠠ ᠬᠥᠳᠡᠭᠡ ᠶᠢᠨ ᠠᠭᠤᠯᠵᠠᠷ ᠭᠠᠵᠠᠷ᠂ ᠭᠡᠷ ᠪᠠᠶᠢᠰᠢᠩ | ᠲᠦᠷᠢᠶᠡᠰᠦᠯᠡᠬᠦ᠂ ᠳᠤᠮᠳᠠ ᠵᠢᠵᠢᠭ ᠪᠠᠭᠤᠳᠠᠯ᠂ ᠪᠡᠶ᠎ᠡ ᠤᠬᠢᠶᠠᠬᠤ ᠭᠠᠵᠠᠷ᠂ ᠵᠤᠭ᠎ᠠ ᠴᠡᠩᠭᠡᠯ ᠤᠨ ᠭᠠᠵᠠᠷ᠂ | ᠬᠠᠶᠠᠭᠳᠠᠮᠠᠯ ᠬᠠᠭᠤᠴᠢᠨ ᠲᠡᠮᠦᠷᠯᠢᠭ ᠢ ᠡᠭᠡᠭᠦᠯᠦᠨ ᠬᠤᠷᠢᠶᠠᠬᠤ ᠥᠷᠲᠡᠭᠡ ᠴᠢᠭ ᠵᠡᠷᠭᠡ ᠪᠤᠳᠤᠯᠢᠶᠠᠨᠲᠠᠶ ᠭᠠᠵᠠᠷ ᠣᠷᠣᠨ | ᠪᠣᠯᠤᠨ ᠲᠠᠯᠠᠪᠤᠷ ᠭᠠᠵᠠᠷ ᠢ ᠲᠥᠪᠯᠡᠷᠡᠭᠦᠯᠦᠨ ᠴᠡᠭᠴᠡᠯᠡᠨ ᠵᠠᠰᠠᠬᠤ ᠡᠷᠴᠢᠮ ᠢ ᠪᠦᠬᠦ ᠲᠠᠯ᠎ᠠ ᠪᠠᠷ ᠴᠢᠩᠭᠠᠳᠬᠠᠬᠤ | ᠬᠡᠷᠡᠭᠲᠡᠶ᠃ | ᠬᠤᠶᠠᠷ ᠲᠤ᠂ ᠭᠤᠤᠯᠳᠠᠯᠭ᠎ᠠ ᠲᠠᠢ ᠣᠷᠣᠨ ᠪᠠᠶᠢᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | ᠬᠤᠯᠠᠭᠠᠶᠢᠯᠠᠬᠤ ᠪᠤᠯᠢᠶᠠᠬᠤ᠂ ᠡᠪᠳᠡᠯᠡᠬᠦ᠂ ᠠᠳᠡᠯ ᠭᠠᠷᠬᠤ ᠶᠢ ᠰᠡᠷᠭᠡᠶᠢᠯᠡᠬᠦ ᠪᠠᠷ ᠭᠤᠤᠯᠳᠠᠯᠭ᠎ᠠ ᠪᠣᠯᠭᠠᠵᠤ᠂ | ᠭᠤᠤᠯᠳᠠᠯᠭ᠎ᠠ ᠲᠠᠢ ᠨᠢᠭᠡᠴᠡ᠂ ᠭᠤᠤᠯᠳᠠᠯᠭ᠎ᠠ ᠲᠠᠢ ᠬᠡᠰᠡᠭ ᠭᠠᠵᠠᠷ ᠤᠨ ᠠᠶᠦᠯᠬᠦᠢ ᠶᠢᠨ ᠶᠡᠭᠡ ᠪᠠᠶᠢᠴᠠᠭᠠᠯᠲᠠ ᠶᠢ | ᠭᠦᠨᠵᠡᠭᠡᠶ ᠥᠷᠨᠢᠭᠦᠯᠬᠦ ᠬᠡᠷᠡᠭᠲᠡᠶ᠃ ᠬᠠᠷᠢᠶ᠎ᠠ ᠣᠷᠣᠨ ᠤ ᠨᠠᠮ ᠵᠠᠰᠠᠭ ᠤᠨ ᠪᠠᠶᠢᠭᠤᠯᠤᠯᠭ᠎ᠠ᠂ ᠮᠥᠩᠭᠦᠨ ᠬᠦᠢᠯᠬᠡᠬᠡᠨ ᠤ | ᠲᠣᠤᠷ ᠴᠢᠭ᠂ ᠤᠰᠤ ᠴᠠᠬᠢᠯᠭᠠᠨ ᠲᠣᠰᠣ ᠬᠡᠢ᠂ ᠰᠢᠤᠳᠠᠨ ᠴᠠᠬᠢᠯᠭᠠᠨ ᠬᠤᠯᠪᠣᠭ᠎ᠠ᠂ ᠢᠯᠡᠬᠡᠨ ᠬᠦᠷᠭᠡᠬᠦ ᠪᠠᠷᠠᠭ᠎ᠠ ᠶᠢᠨ | ᠬᠦᠢᠯᠬᠡᠬᠡᠨ ᠵᠡᠷᠭᠡ ᠭᠤᠤᠯᠳᠠᠯᠭ᠎ᠠ ᠲᠠᠢ ᠨᠢᠭᠡᠴᠡ ᠪᠣᠯᠤᠨ ᠴᠢᠬᠤᠯᠠ ᠰᠠᠭᠤᠷᠢ ᠪᠡᠯᠡᠳᠬᠡᠮᠵᠢ ᠵᠢᠴᠢ ᠰᠤᠷᠭᠠᠭᠤᠯᠢ᠂ | ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ | ᠠᠳᠬᠤᠵᠤ᠂ ᠡᠯ᠎ᠡ ᠬᠠᠮᠢᠶ᠎ᠠ ᠪᠦᠬᠦᠢ ᠨᠢᠭᠡᠴᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠳᠣᠲᠣᠭᠠᠳᠤ ᠶᠢᠨ ᠠᠮᠤᠷ | ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠪᠣᠯᠤᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠬᠤ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ᠭᠤᠷᠪᠠ ᠳᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠡᠵᠡᠮᠳᠡᠬᠦ ᠪᠠᠨ ᠴᠢᠩᠭᠠᠳᠬᠠᠨ᠎ᠠ᠃ | ᠬᠠᠷᠢᠶ᠎ᠠ ᠣᠷᠣᠨ ᠤ ᠪᠠᠨ ᠨᠡᠶᠢᠭᠡᠮ ᠤᠨ ᠠᠮᠤᠷ ᠲᠦᠪᠰᠢᠨ ᠳᠤ ᠭᠠᠷᠴᠤ ᠮᠡᠳᠡᠬᠦ ᠰᠢᠨ᠎ᠡ ᠪᠠᠶᠢᠳᠠᠯ ᠳᠤ ᠴᠢᠭᠯᠡᠭᠦᠯᠦᠨ᠂ | ᠣᠳᠣᠬᠠᠨ ᠤ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠨᠢᠭᠤᠴᠠ ᠮᠡᠳᠡᠭᠡᠨ ᠤ ᠢᠷᠡᠯᠲᠡ ᠶᠢ ᠥᠷᠭᠡᠨ ᠢᠶᠠᠷ | ᠨᠡᠭᠡᠭᠡᠵᠦ᠂ ᠡᠯ᠎ᠡ ᠲᠥᠷᠥᠯ ᠤᠨ ᠨᠢᠭᠤᠴᠠ ᠮᠡᠳᠡᠭᠡ ᠰᠤᠷᠠᠭ ᠵᠠᠩᠭᠢ ᠶᠢ ᠴᠤᠭᠯᠠᠭᠤᠯᠬᠤ ᠪᠠᠨ ᠴᠢᠩᠭᠠᠳᠬᠠᠨ᠂ | ᠵᠥᠷᠢᠴᠡᠯ ᠵᠢᠭᠤᠷᠠᠯᠳᠤᠭᠠᠨ ᠢ ᠠᠷᠢᠯᠭᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠥᠯᠥᠭᠡ ᠶᠡᠬᠡᠲᠡᠶ ᠠᠮᠤᠷ | ᠲᠦᠪᠰᠢᠨ ᠤ ᠬᠡᠷᠡᠭ ᠡᠭᠦᠰᠬᠦ ᠶᠢ ᠴᠢᠩᠭ᠎ᠠ ᠰᠡᠷᠬᠡᠶᠢᠯᠡᠨ ᠬᠤᠷᠢᠭᠯᠠᠬᠤ ᠬᠡᠷᠡᠭᠳᠠᠢ᠃ | |