ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ︽ | ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ︾ ᠶᠢ ᠴᠢᠬᠤᠯᠠ | ᠪᠠᠶᠢᠷᠢᠨ ᠳᠤ ᠲᠠᠯᠪᠢᠬᠤ ᠪᠠ ᠡᠳᠦᠷ ᠲᠤᠲᠤᠮ ᠤᠨ ᠵᠥᠪᠯᠡᠬᠦ ᠵᠦᠢᠯ ᠳᠤ ᠣᠷᠣᠭᠤᠯᠵᠤ᠂ ︽ᠪᠦᠬᠦ ᠠᠷᠠᠳ ᠤᠨ | ᠡᠷᠡᠭᠦᠯ ᠮᠡᠨᠳᠦ ᠪᠠᠶᠢᠬᠤ ᠦᠭᠡᠢ ᠪᠣᠯ ᠪᠦᠬᠦ ᠲᠠᠯ᠎ᠠ ᠪᠠᠷ ᠴᠢᠨᠡᠭᠡᠯᠢᠭᠵᠢᠵᠤ ᠲᠡᠶᠢᠯᠬᠦ ᠦᠬᠡᠢ︾ ᠴᠢᠬᠤᠯᠠ | ᠨᠤᠲᠠᠯᠠᠯᠲᠠ ᠶᠢ ᠳᠤᠷᠠᠳᠤᠨ ᠭᠠᠷᠭᠠᠪᠠ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠣᠯ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠᠬᠢ ᠴᠢᠬᠤᠯᠠ ᠳᠠᠶᠢᠯᠠᠯᠳᠤᠭᠠᠨ ᠪᠣᠯᠤᠨ᠎ᠠ᠂ | ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠶᠡᠭᠡ ᠲᠠᠯ᠎ᠠ ᠲᠠᠢ ᠬᠤᠯᠪᠣᠭᠳᠠᠨ᠎ᠠ᠃ | ᠡᠪᠡᠳᠴᠢᠨ ᠠᠴᠠ ᠪᠣᠯᠵᠤ ᠶᠠᠳᠠᠭᠤᠷᠠᠬᠤ ᠳᠠᠬᠢᠨ ᠶᠠᠳᠠᠭᠤᠷᠠᠬᠤ ᠠᠰᠠᠭᠤᠳᠠᠯ ᠢ ᠰᠡᠢᠳᠪᠦᠷᠢᠯᠡᠬᠦ ᠶᠢᠨ | ᠲᠥᠯᠥᠭᠡ᠂ ᠯᠢᠨᠰᠢ ᠰᠢᠶᠠᠨ ︽1351︾ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠢ ︽ᠡᠪᠡᠳᠴᠢᠨ ᠦᠵᠡᠭᠦᠯᠬᠦ ᠳᠤ ᠲᠠᠬᠢᠨ ᠲᠡᠶᠢᠮᠦ ᠶᠡᠭᠡ ᠵᠤᠭᠤᠰ | ᠮᠦᠩᠬᠦ ᠵᠠᠷᠤᠴᠠᠭᠤᠯᠬᠤ ᠦᠬᠡᠢ︾ ᠪᠣᠯᠭᠠᠪᠠ᠃ ︽1︾ ︽3︾ ᠭᠡᠳᠡᠭ ᠨᠢ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠡᠪᠡᠳᠴᠢᠨ ᠠᠴᠠ ᠪᠣᠯᠵᠤ ᠡᠮᠨᠡᠯᠭᠡ ᠳᠤ ᠰᠠᠭᠤᠭᠰᠠᠨ ᠵᠠᠷᠤᠳᠠᠯ ᠢ ᠶᠠᠳᠠᠭᠤ ᠠᠴᠠ ᠠᠩᠭᠢᠵᠢᠷᠠᠭᠤᠯᠬᠤ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠠᠴᠠ ᠳᠠᠭᠠᠭᠠᠨ ᠠᠪᠤᠷᠠᠨ ᠲᠤᠰᠠᠯᠠᠵᠤ᠂ ᠬᠤᠪᠢ ᠬᠥᠮᠦᠨ ᠤ | ᠥᠪᠡᠰᠦᠪᠡᠨ ᠲᠥᠯᠥᠬᠦ ᠵᠠᠷᠤᠳᠠᠯ ᠢ ᠶᠡᠷᠦᠩᠬᠡᠶ ᠵᠠᠷᠤᠳᠠᠯ ᠤᠨ 10 % ᠠᠴᠠ ᠬᠡᠲᠦᠷᠡᠭᠦᠯᠵᠦ ᠪᠣᠯᠬᠤ ᠥᠬᠡᠶ᠂ ᠬᠤᠪᠢ | ᠬᠥᠮᠦᠨ ᠤ ᠥᠪᠡᠰᠦᠪᠡᠨ ᠲᠥᠯᠥᠬᠦ ᠭᠠᠭᠴᠠ ᠤᠳᠠᠭᠠᠨ ᠤ ᠵᠠᠷᠤᠳᠠᠯ ᠪᠤᠶᠤ ᠵᠢᠯ ᠤᠨ ᠬᠤᠷᠠᠮᠳᠤᠭᠤᠯᠤᠭᠰᠠᠨ | ᠰᠦᠢᠳᠬᠡᠯ 3000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ︔ ︽5︾ ᠭᠡᠳᠡᠭ ᠨᠢ ᠳᠠᠷᠤᠶ ᠶᠠᠳᠠᠭᠤ | ᠬᠦᠴᠢᠷᠳᠡᠯ ᠲᠠᠢ ᠬᠥᠮᠥᠨ ᠠᠮᠠ ᠶᠢᠨ ᠡᠭᠦᠳᠡᠨ ᠡᠮᠨᠡᠯᠭᠡ ᠶᠢᠨ ᠵᠠᠷᠤᠳᠠᠯ ᠢ ᠬᠤᠪᠢ ᠬᠥᠮᠥᠨ ᠥᠪᠡᠰᠦᠪᠡᠨ 5 % ᠪᠠᠷ | ᠲᠥᠯᠥᠨ᠎ᠡ︔ ︽1︾ ᠭᠡᠳᠡᠭ ᠨᠢ ᠳᠠᠷᠤᠶ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠬᠦ | ᠶᠠᠪᠤᠳᠠᠯ ᠪᠣᠯᠤᠨ᠎ᠠ᠃ ᠬᠤᠶᠠᠷ ᠵᠢᠯ ᠤᠨ ᠲᠤᠷᠰᠢ᠂ ᠡᠯ᠎ᠡ ᠲᠥᠷᠥᠯ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠡᠮᠨᠡᠯᠭᠡ ᠳᠤ ᠰᠠᠭᠤᠭᠰᠠᠨ ᠡᠪᠡᠳᠴᠢᠲᠡᠨ ᠢ ᠨᠡᠶᠢᠲᠡ 24 ᠬᠥᠮᠦᠨ ᠤᠳᠠᠭ᠎ᠠ ᠠᠪᠤᠷᠠᠨ ᠵᠠᠰᠠᠵᠤ᠂ ᠲᠥᠷᠦ ᠶᠢᠨ | ᠪᠣᠳᠣᠯᠭ᠎ᠠ ᠶᠢᠨ ᠬᠡᠪᠴᠢᠶᠡᠨ ᠳᠣᠲᠣᠷᠠᠬᠢ ᠳᠠᠩᠰᠠᠨ ᠠᠴᠠ ᠲᠠᠶᠢᠯᠬᠤ ᠬᠠᠷᠢᠴᠠᠯ ᠢ 90 % ᠠᠴᠠ ᠳᠡᠭᠡᠭᠰᠢ ᠳᠤ | ᠬᠦᠷᠭᠡᠪᠡ︔ 54058 ᠬᠥᠮᠦᠨ ᠤᠳᠠᠭ᠎ᠠ ᠶᠢ ᠠᠪᠤᠷᠠᠨ ᠵᠠᠰᠠᠵᠤ᠂ ᠳᠠᠩᠰᠠ ᠴᠠᠶᠢᠷᠠᠭᠤᠯᠬᠤ ᠪᠣᠳᠠᠲᠠᠶ ᠬᠠᠷᠢᠴᠠᠯ ᠢ | 95 % ᠳᠤ ᠬᠦᠷᠭᠡᠪᠡ᠃ ᠡᠭᠦᠨ ᠤ ᠬᠠᠮᠲᠤ᠂ ᠬᠥᠳᠡᠯᠦᠩᠭᠦᠶ ᠬᠠᠮᠢᠶᠠᠷᠤᠯᠲᠠ ᠶᠢᠨ ᠶᠠᠪᠤᠴᠠ ᠳᠤ ᠲᠦᠷ ᠴᠠᠭ | ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠵᠠᠬ᠎ᠠ ᠬᠢᠵᠠᠭᠠᠷ ᠤᠨ ᠬᠥᠮᠦᠨ ᠠᠮᠠ ᠳᠤ ᠨᠠᠭᠠᠳᠤ ᠵᠠᠬ᠎ᠠ ᠶᠢᠨ | ᠪᠠᠲᠤᠯᠠᠭ᠎ᠠ ᠶᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ᠂ ᠲᠦᠷ ᠴᠠᠭ ᠤᠨ ᠡᠮᠴᠢᠯᠡᠭᠡ ᠪᠠᠷ ᠠᠪᠤᠷᠠᠨ ᠲᠤᠰᠠᠯᠠᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠱᠠᠲᠤ ᠬᠤᠪᠢᠶᠠᠨ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ |