ᠦᠢᠷ᠎ᠠ ᠳᠤ᠂ ᠤᠯᠠᠭᠠᠨᠬᠠᠳᠠ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠪᠠᠶᠢᠴᠠᠭᠠᠨ ᠰᠤᠳᠤᠯᠬᠤ | ᠳᠤᠭᠤᠶᠢᠯᠠᠩ ᠯᠢᠨᠰᠢ ᠰᠢᠶᠠᠨ ᠳᠤ ᠬᠦᠷᠴᠦ ᠦᠨᠳᠦᠰᠦᠨ ᠱᠠᠲᠤᠨ ᠤ ᠡᠷᠬᠡ ᠪᠠᠨ ᠬᠠᠮᠠᠭᠠᠯᠠᠬᠤ ᠦᠢᠯᠡᠴᠢᠯᠡᠬᠡᠨ ᠤ | ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠂ ᠯᠢᠨᠰᠢ | ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠦᠨ ᠫᠢᠩ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠢᠯᠠᠩ ᠡᠩ ᠲᠡᠷᠢᠭᠦᠨ ᠳᠤ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠰᠦᠨ ᠫᠢᠩ ᠤᠨ ᠬᠡᠷᠡᠭᠯᠡᠭᠡ ᠶᠢ ᠬᠠᠮᠠᠭᠠᠯᠠᠬᠤ ᠠᠵᠢᠯ ᠤᠨ | ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠢᠯᠠᠩ ᠭᠤᠷᠪᠠᠨ | ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠬᠡᠨ ᠤ | ᠥᠷᠲᠡᠭᠡ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠬᠤᠳᠠᠯᠳᠤᠭᠠᠨ ᠤ | ᠬᠡᠲᠦ ᠳᠡᠯᠭᠡᠭᠦᠷ ᠤᠨ ᠬᠠᠷᠢᠭᠤᠴᠠᠯᠭᠠᠲᠠᠨ ᠤ ᠲᠣᠰ ᠰᠠᠯᠠᠭ᠎ᠠ ᠮᠥᠴᠢᠷ ᠤᠨ ᠢᠶᠠᠨ ᠡᠷᠬᠡ ᠠᠰᠢᠭ ᠢ ᠬᠠᠮᠠᠭᠠᠯᠠᠬᠤ ᠠᠵᠢᠯ | ᠤᠨ ᠲᠠᠨᠢᠯᠴᠠᠭᠤᠯᠭ᠎ᠠ ᠶᠢ ᠰᠣᠨᠣᠰᠪᠠ᠃ ᠤᠯᠠᠭᠠᠨᠬᠠᠳᠠ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠪᠠᠶᠢᠴᠠᠭᠠᠨ | ᠰᠤᠳᠤᠯᠬᠤ ᠳᠤᠭᠤᠶᠢᠯᠠᠩ ᠯᠢᠨᠰᠢ ᠰᠢᠶᠠᠨ ᠤ ᠬᠡᠷᠡᠭᠯᠡᠭᠴᠢᠳ ᠤᠨ ᠨᠡᠶᠢᠭᠡᠮᠯᠢᠭ ᠤᠨ ᠠᠵᠢᠯ ᠢ ᠬᠦᠢᠴᠡᠳ ᠨᠤᠳᠠᠯᠠᠯᠳᠠ | ᠦᠭᠬᠦᠭᠰᠡᠨ ᠪᠠᠶᠢᠨ᠎ᠠ᠃ | ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠯᠢᠨᠰᠢ ᠳᠤ | ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠤᠭᠰᠠᠨ ᠨᠢ᠂ ᠲᠠᠷᠠᠭᠠᠴᠢ ᠶᠢᠨ ᠠᠯᠬᠤᠮ ᠤᠨ | ᠬᠡᠷᠡᠭᠯᠡᠭᠡᠨ ᠤ ᠣᠷᠴᠢᠨ ᠨᠥᠬᠦᠴᠡᠯ ᠤᠨ ᠪᠠᠶᠢᠭᠤᠯᠤᠯᠲᠠ ᠳᠤ ᠠᠪᠴᠤ ᠬᠡᠯᠡᠪᠡᠯ᠂ ᠦᠨᠳᠦᠰᠦᠨ ᠱᠠᠲᠤᠨ ᠤ ᠡᠷᠬᠡ | ᠠᠰᠢᠭ ᠢᠶᠠᠨ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠨᠢ ᠲᠡᠭᠡᠳᠦ ᠳᠡᠰ᠂ ᠥᠨᠳᠥᠷ ᠪᠠᠷᠢᠮᠵᠢᠶ᠎ᠠ᠂ | ᠪᠥᠬᠦ ᠲᠠᠯ᠎ᠠ ᠪᠠᠷ ᠲᠦᠷᠭᠡᠨ ᠠᠬᠢᠭᠤᠯᠬᠤ ᠪᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠬᠦ ᠪᠣᠯᠤᠨ᠎ᠠ᠃ | |