ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠠᠵᠢᠯ ᠲᠥᠷᠥᠯ ᠤᠨ ᠲᠠᠯᠠᠪᠤᠷ ᠭᠠᠵᠠᠷ ᠤᠨ ᠥᠮᠴᠢᠲᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-20
        ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠤᠯᠠᠮ ᠨᠢᠭᠡ ᠠᠯᠬᠤᠮ ᠭᠦᠨᠵᠡᠭᠡᠶ ᠲᠦᠯᠬᠢᠨ ᠠᠬᠢᠭᠤᠯᠵᠤ᠂ ᠠᠵᠢᠯ ᠲᠥᠷᠥᠯ ᠤᠨ ᠲᠠᠯᠠᠪᠤᠷ ᠭᠠᠵᠠᠷ ᠤᠨ ᠡᠵᠡᠩᠨᠡᠯᠲᠡ ᠶᠢ ᠵᠢᠷᠤᠮᠵᠢᠭᠤᠯᠤᠨ᠂ ᠬᠠᠷᠢᠶ᠎ᠠ ᠣᠷᠣᠨ ᠤ ᠣᠯᠠᠨ ᠲᠦᠮᠡᠨ ᠳᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠤᠯᠭᠠᠬᠤ ᠪᠠᠷ᠂ 11 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠬᠢᠩᠭᠠᠨ ᠨᠡᠶᠢᠭᠡᠮ ᠲᠣᠭᠤᠷᠢᠭ ᠤᠨ ᠬᠤᠶᠠᠳᠤᠭᠠᠷ ᠳᠠᠪᠬᠤᠷᠯᠢᠭ ᠲᠤ ᠬᠠᠷᠢᠶᠠᠲᠤ ᠣᠷᠣᠨ ᠤ ᠠᠵᠢᠯ ᠲᠥᠷᠥᠯ ᠤᠨ ᠥᠮᠴᠢᠲᠡᠨ ᠤ ᠬᠤᠷᠠᠯ ᠬᠢᠵᠦ᠂ ᠬᠠᠷᠢᠶᠠᠲᠤ ᠣᠷᠣᠨ ᠤ 100 ᠭᠠᠷᠤᠶ ᠠᠵᠢᠯ ᠲᠥᠷᠥᠯ ᠤᠨ ᠲᠠᠯᠠᠪᠤᠷ ᠭᠠᠵᠠᠷ ᠤᠨ ᠥᠮᠴᠢᠲᠡᠨ ᠬᠤᠷᠠᠯ ᠳᠤ ᠤᠷᠤᠯᠴᠠᠵᠠᠢ᠃
          ᠬᠤᠷᠠᠯ ᠳᠡᠭᠡᠷ᠎ᠡ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠴᠢᠬᠤᠯᠠᠴᠢᠯᠠᠬᠤ ᠳᠠᠭᠠᠨ᠂ ᠨᠢᠭᠡ᠂ ᠡᠯ᠎ᠡ ᠠᠵᠢᠯ ᠲᠥᠷᠥᠯ ᠤᠨ ᠲᠠᠯᠠᠪᠤᠷ ᠭᠠᠵᠠᠷ ᠬᠠᠤᠯᠢ ᠲᠣᠭᠲᠠᠭᠠᠯ ᠶᠣᠰᠣᠭᠠᠷ ᠴᠢᠩᠭ᠎ᠠ ᠡᠵᠡᠩᠨᠡᠵᠦ᠂ ᠠᠵᠢᠯ ᠲᠥᠷᠥᠯ ᠤᠨ ᠲᠠᠯᠠᠪᠤᠷ ᠭᠠᠵᠠᠷ ᠤᠨ ᠡᠵᠡᠩᠨᠡᠯᠲᠡ ᠶᠢᠨ ᠳᠤᠮᠳᠠ ︽ᠱᠠᠯᠢᠭ ᠵᠠᠪᠬᠠᠶ ᠵᠦᠢᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠵᠤ᠂ ᠡᠯ᠎ᠡ ᠠᠵᠢᠯ ᠲᠥᠷᠥᠯ ᠤᠨ ᠲᠠᠯᠠᠪᠤᠷ ᠭᠠᠵᠠᠷ ᠤᠨ ᠥᠮᠴᠢᠲᠡᠨ ᠡᠳᠦᠷ ᠲᠤᠲᠤᠮ ᠤᠨ ᠡᠵᠡᠩᠨᠡᠯᠲᠡ ᠶᠢᠨ ᠳᠤᠮᠳᠠ ︽ᠱᠠᠯᠢᠭ ᠵᠠᠪᠬᠠᠶ ᠵᠦᠢᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ︾ ᠶᠢ ᠢᠯᠡᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠵᠡᠷᠭᠡ ᠰᠦᠪᠡᠭᠴᠢ ᠶᠢ ᠲᠡᠷᠡ ᠳᠠᠷᠤᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠶ ᠭᠡᠵᠡᠶ᠃ ᠬᠤᠶᠠᠷ᠂ ᠦᠨᠡᠨ ᠨᠡᠷ᠎ᠡ ᠪᠠᠷ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠪᠠᠭᠤᠳᠠᠯ ᠤᠨ ᠬᠢᠨ ᠣᠷᠣᠵᠤ ᠰᠠᠭᠤᠭᠰᠠᠨ ᠬᠥᠮᠦᠰ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠴᠢᠩᠭ᠎ᠠ ᠪᠠᠶᠢᠴᠠᠭᠠᠨ ᠰᠢᠯᠭᠠᠵᠤ᠂ ︽ᠨᠢᠭᠡ ᠬᠥᠮᠦᠨ ᠨᠢᠭᠡ ᠦᠨᠡᠮᠯᠡᠯ ᠲᠠᠢ ᠪᠠᠶᠢᠬᠤ᠂ ᠭᠡᠷᠡᠴᠢᠯᠡᠬᠦ ᠶᠢ ᠨᠢᠭᠡᠳᠦᠯᠲᠡᠶ ᠪᠠᠶᠢᠯᠭᠠᠬᠤ︾ ᠪᠠᠷ ᠳᠠᠩᠰᠠᠯᠠᠨ ᠲᠡᠮᠳᠡᠭᠯᠡᠵᠦ᠂ ᠬᠠᠮᠢᠶᠠᠷᠤᠯᠲᠠ ᠶᠢᠨ ᠳᠤᠲᠠᠭᠳᠠᠯ ᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ᠂ ᠠᠵᠢᠯ ᠲᠥᠷᠥᠯ ᠤᠨ ᠲᠠᠯᠠᠪᠤᠷ ᠭᠠᠵᠠᠷ ᠤᠨ ᠠᠶᠤᠯ ᠦᠭᠡᠢ ᠶᠢᠨ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠶᠤᠯ ᠦᠭᠡᠢ ᠶᠢᠨ ᠠᠷᠭ᠎ᠠ ᠠᠪᠴᠠᠯ ᠢ ᠨᠠᠶᠢᠳᠠᠪᠤᠷᠢᠵᠢᠭᠤᠯᠵᠤ᠂ ᠠᠶᠤᠯ ᠦᠭᠡᠢ ᠡᠵᠡᠩᠨᠡᠯᠲᠡ ᠶᠢᠨ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠶ᠃ ᠲᠦᠷᠪᠡ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠤᠨ ᠠᠶᠤᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ ᠬᠡᠵᠠᠢ᠃ ᠪᠠᠰᠠ᠂ ᠡᠯ᠎ᠡ ᠠᠵᠢᠯ ᠲᠥᠷᠥᠯ ᠤᠨ ᠲᠠᠯᠠᠪᠤᠷ ᠭᠠᠵᠠᠷ ᠤᠨ ᠥᠮᠴᠢᠲᠡᠨ ᠲᠠᠢ ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃         ᠲᠣᠰ ᠤᠳᠠᠭᠠᠨ ᠤ ᠬᠤᠷᠠᠯ ᠢᠶᠠᠷ ᠳᠠᠮᠵᠢᠭᠤᠯᠤᠨ᠂ ᠠᠵᠢᠯ ᠲᠥᠷᠥᠯ ᠤᠨ ᠲᠠᠯᠠᠪᠤᠷ ᠭᠠᠵᠠᠷ ᠤᠨ ᠡᠵᠡᠩᠨᠡᠭᠴᠢ ᠶᠢᠨ ᠬᠠᠤᠯᠢ ᠴᠠᠭᠠᠵᠠ ᠶᠢ ᠰᠠᠬᠢᠬᠤ ᠤᠬᠠᠮᠰᠠᠷ ᠪᠣᠯᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠲᠥᠷᠥᠯ ᠤᠨ ᠲᠠᠯᠠᠪᠤᠷ ᠭᠠᠵᠠᠷ ᠤᠨ ᠳᠣᠲᠣᠭᠠᠳᠤ ᠬᠠᠮᠢᠶᠠᠷᠤᠯᠲᠠ᠂ ᠠᠮᠤᠷ ᠲᠦᠪᠰᠢᠨ ᠤ ᠰᠡᠷᠭᠡᠶᠢᠯᠡᠯᠲᠡ ᠵᠢᠴᠢ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠵᠢᠯ ᠢ ᠴᠢᠩᠭᠠᠷᠠᠭᠤᠯᠤᠨ᠂ ᠠᠵᠢᠯ ᠲᠥᠷᠥᠯ ᠤᠨ ᠲᠠᠯᠠᠪᠤᠷ ᠭᠠᠵᠠᠷ ᠤᠨ ᠡᠷᠡᠭᠦᠯ ᠢᠶᠠᠷ ᠬᠥᠭᠵᠢᠬᠦ ᠪᠠ ᠰᠠᠶᠢᠨ ᠰᠠᠶᠢᠬᠠᠨ ᠬᠠᠮᠢᠶᠠᠷᠤᠯᠲᠠ ᠶᠢ ᠠᠬᠢᠭᠤᠯᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号