ᠯᠢᠨᠰᠢ ᠰᠢᠶᠠᠨ ᠤ ᠲᠤᠳᠤᠭᠠᠳᠤ ᠶᠢ ᠬᠠᠮᠠᠭᠠᠯᠬᠤ ᠲᠤᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠶᠡᠭᠡ ᠠᠩᠭᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2019-11-20
       ᠯᠢᠨᠰᠢ ᠰᠢᠶᠠᠨ ᠤ ᠲᠤᠳᠤᠭᠠᠳᠤ ᠶᠢ ᠬᠠᠮᠠᠭᠠᠯᠬᠤ ᠲᠤᠪᠴᠢᠶ᠎ᠠ ᠶᠢᠨ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠶᠢᠨ ᠶᠡᠭᠡ ᠠᠩᠭᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠪᠦᠬᠦ ᠲᠠᠯ᠎ᠠ ᠪᠠᠷ ᠡᠵᠡᠮᠳᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠡᠨᠡᠬᠦ ᠶᠡᠷᠦᠩᠬᠡᠶ ᠱᠠᠭᠠᠷᠳᠠᠯᠭ᠎ᠠ ᠶᠢ ᠠᠳᠬᠤᠵᠤ᠂ ᠦᠢᠯᠡᠴᠢᠯᠡᠬᠡᠨ ᠤ ᠦᠢᠯᠡᠳᠦᠯ ᠴᠢᠳᠠᠪᠤᠷᠢ ᠪᠠᠨ ᠦᠨᠡᠩᠬᠦ ᠳᠡᠭᠡᠭᠰᠢᠯᠡᠭᠦᠯᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠪᠡ᠃        ᠨᠢᠭᠡ᠂ ᠰᠤᠷᠤᠯᠴᠠᠯᠭ᠎ᠠ ᠪᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠷᠭᠦᠯᠵᠢᠯᠡᠨ ᠲᠠᠷᠢᠬᠢ ᠲᠣᠯᠣᠭᠠᠶ ᠪᠠᠨ ᠵᠡᠪᠰᠡᠭᠯᠡᠬᠦ ᠬᠡᠷᠡᠭᠲᠡᠶ᠃ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠠᠷᠠᠳ ᠤᠨ ᠴᠠᠭᠳᠠᠭ᠎ᠠ ᠶᠢᠨ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠪᠠᠷᠢᠮᠲᠠᠯᠠᠵᠤ᠂ ᠠᠷᠠᠳ ᠤᠨ ᠴᠠᠭᠳᠠᠭ᠎ᠠ ᠶᠢᠨ ᠦᠵᠡᠯ ᠰᠠᠨᠠᠭ᠎ᠠ ᠲᠠᠨᠢᠯᠲᠠ ᠶᠢ ᠦᠨᠡᠩᠬᠦ ᠳᠡᠭᠡᠭᠰᠢᠯᠡᠭᠦᠯᠪᠡ᠃         ᠬᠤᠶᠠᠷ᠂ ᠤᠭ ᠰᠠᠨᠠᠭ᠎ᠠ ᠪᠠᠨ ᠪᠠᠷᠢᠮᠲᠠᠯᠠᠵᠤ᠂ ᠠᠷᠠᠳ ᠤᠨ ᠳᠣᠲᠣᠭᠠᠳᠤ ᠶᠢ ᠬᠠᠮᠠᠭᠠᠯᠠᠬᠤ ᠤᠭ ᠰᠠᠨᠠᠭ᠎ᠠ ᠪᠠᠨ ᠪᠠᠲᠤ ᠡᠵᠡᠮᠳᠡᠬᠦ ᠬᠡᠷᠡᠭᠲᠡᠶ᠃ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠳᠠ ᠶᠢᠨ ᠶᠡᠭᠡ ᠠᠩᠭᠢ ᠠᠷᠠᠳ ᠤᠨ ᠴᠠᠭᠳᠠᠭ᠎ᠠ ᠶᠢ ᠴᠠᠭ ᠢᠮᠠᠭᠲᠠ ︽ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ ︽ᠤᠭ ᠰᠠᠨᠠᠭ᠎ᠠ︾ ᠪᠠᠨ ᠮᠠᠷᠲᠠᠵᠤ ᠪᠣᠯᠬᠤ ᠥᠬᠡᠶ᠂ ᠠᠵᠢᠯ ᠳᠡᠭᠡᠷ᠎ᠡ ᠪᠠᠨ ᠦᠨᠡᠨ ᠪᠤᠳᠠᠳᠠᠢ ᠦᠢᠯᠡᠴᠢᠯᠡᠬᠡᠨ ᠤ ᠠᠷᠭ᠎ᠠ ᠬᠡᠮᠵᠢᠶ᠎ᠡ   ᠶᠢ ᠠᠪᠴᠤ᠂ ᠪᠣᠳᠠᠲᠤ ᠠᠵᠢᠯᠯᠠᠭ᠎ᠠ ᠪᠠᠷ ᠢᠶᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ︽ᠴᠢᠬᠡᠴᠢ ᠵᠠᠰᠠᠭ︾ ᠤᠨ ᠥᠭᠡᠷᠡᠴᠢᠯᠡᠯᠲᠡ ᠵᠡᠷᠭᠡ ᠠᠵᠢᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃        ᠭᠤᠷᠪᠠ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠣᠶ ᠪᠣᠯᠭᠠᠬᠤ ᠬᠡᠷᠡᠭᠲᠡᠶ᠃ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠳᠠ ᠶᠢᠨ ᠶᠡᠭᠡ ᠠᠩᠭᠢ ︽ᠡᠭᠦᠷᠭᠡ ᠬᠠᠷᠢᠭᠤᠴᠠᠯᠭ᠎ᠠ ᠡᠭᠦᠷᠭᠡᠯᠡᠬᠦ︾ ᠲᠠᠢ ᠨᠢᠭᠲᠠ ᠤᠶᠠᠯᠳᠤᠭᠤᠯᠤᠨ᠂ ᠬᠠᠷᠢᠭᠤᠴᠠᠯᠭ᠎ᠠ ᠡᠭᠦᠷᠭᠡᠯᠡᠯ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ   ᠠᠳᠬᠤᠨ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠦᠨᠡᠩᠬᠦ ᠡᠬᠦᠷᠬᠡᠯᠡᠪᠡ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号