ᠪᠦᠬᠦ ᠰᠢᠶᠠᠨ ᠤ ᠲᠦᠬᠦᠬᠡᠷᠦᠮᠵᠢᠳᠦ ᠲᠠᠷᠢᠶᠠᠯᠠᠩ ᠪᠠ ᠬᠢᠲᠠᠳ ᠡᠮ ᠤᠨ ᠮᠠᠲ᠋ᠧᠷᠢᠶᠠᠯ ᠤᠨ ᠲᠤᠰᠬᠠᠶ ᠮᠡᠷᠬᠡᠵᠢᠯ ᠤᠨ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2019-11-20
         ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠤᠯᠯᠠᠬᠤ ᠠᠵᠤ ᠦᠢᠯᠡᠰ ᠤᠨ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠲᠠᠷᠢᠶᠠᠴᠢᠳ ᠤᠨ ᠬᠡᠷᠡᠭᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠬᠡ᠂ ᠦᠢᠷ᠎ᠠ ᠳᠤ᠂ ᠯᠢᠨᠰᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠪᠡᠭᠡᠵᠢᠩ ᠤᠨ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠦᠢᠯᠡᠴᠢᠯᠡᠬᠦ ᠵᠢᠴᠢ ᠯᠢᠨᠰᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ  ᠲᠦᠬᠦᠬᠡᠷᠦᠮᠵᠢᠳᠦ ᠲᠠᠷᠢᠶᠠᠯᠠᠩ᠂ ᠬᠢᠲᠠᠳ ᠡᠮ ᠤᠨ ᠮᠠᠲ᠋ᠧᠷᠢᠶᠠᠯ ᠤᠨ ᠮᠡᠷᠭᠡᠵᠢᠯ ᠤᠨ ᠪᠣᠯᠪᠠᠰᠤᠷᠠᠯ ᠤᠨ ᠠᠩᠭᠢ︾ ᠡᠷᠬᠢᠯᠡᠵᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ 562 ᠬᠥᠮᠥᠨ ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠤᠨ ᠠᠩᠭᠢ ᠨᠢ ᠬᠤᠶᠠᠷ ᠡᠳᠦᠷ ᠶᠠᠪᠤᠭᠳᠠᠵᠤ᠂ ᠪᠡᠭᠡᠵᠢᠩ ᠬᠤᠲᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠥᠷᠲᠡᠭᠡ ᠶᠢᠨ ᠦᠵᠡᠮᠵᠢ ᠶᠢᠨ ᠲᠠᠷᠢᠶᠠᠯᠠᠩ ᠤᠨ ᠰᠠᠯᠠᠭᠠᠨ ᠤ ᠳᠠᠷᠤᠭ᠎ᠠ᠂ ᠲᠡᠬᠡᠳᠦ ᠲᠡᠰ ᠤᠨ ᠲᠠᠷᠢᠶᠠᠯᠠᠩ ᠤᠨ ᠮᠡᠷᠭᠡᠵᠢᠯᠲᠡᠨ᠂ ᠪᠡᠭᠡᠵᠢᠩ ᠬᠤᠲᠠ ᠶᠢᠨ ᠠᠮᠲᠠᠲᠤ ᠬᠡᠮᠬᠡ ᠶᠢᠨ ᠰᠢᠨ᠎ᠡ ᠶᠢ ᠡᠭᠦᠳᠬᠦ ᠪᠦᠯᠬᠦᠮ ᠤᠨ ᠲᠤᠰᠬᠠᠶ ᠮᠡᠷᠭᠡᠵᠢᠯᠲᠡᠨ ᠯᠢ ᠯᠢᠨ ᠢ ᠤᠷᠢᠵᠤ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠪᠣᠯᠤᠨ ᠬᠢᠲᠠᠳ ᠡᠮ ᠤᠨ ᠡᠷᠡᠭᠦᠯᠵᠢᠯ ᠰᠤᠪᠢᠯᠠᠯᠲᠠ᠂ ᠦᠵᠡᠮᠦᠷᠢ ᠶᠢᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠯᠬᠡᠪᠡ︔ ᠤᠯᠠᠭᠠᠨᠬᠠᠳᠠ ᠲᠡᠬᠡᠳᠦ ᠰᠤᠷᠭᠠᠭᠤᠯᠢ ᠶᠢᠨ ᠬᠢᠮᠢ ᠪᠠ ᠠᠮᠢ ᠨᠠᠰᠤᠨ ᠤ ᠰᠢᠨᠵᠢᠯᠡᠬᠦ ᠤᠬᠠᠭᠠᠨ ᠤ ᠲᠡᠬᠡᠳᠦ ᠰᠤᠷᠭᠠᠭᠤᠯᠢ᠂ ᠢᠳᠡᠰᠢᠨ ᠨᠣᠭᠤᠭ᠎ᠠ ᠶᠢᠨ ᠤᠬᠠᠭᠠᠨ ᠤ ᠠᠰᠫᠢᠷᠠᠨᠲ ᠴᠢᠨ ᠯᠢ ᠶᠢᠨ ᠠᠴᠠ ᠠᠮᠢᠳᠤ ᠪᠣᠳᠠᠰ ᠤᠨ ᠪᠠᠺᠲ᠋ᠧᠷᠢ ᠰᠡᠷᠭᠡᠶᠢᠯᠡᠬᠦ ᠲᠠᠷᠢᠶᠠᠨ ᠡᠮ ᠢ ᠲᠦᠬᠦᠬᠡᠷᠦᠮᠵᠢᠳᠦ ᠵᠢᠮᠢᠰ ᠨᠣᠭᠤᠭ᠎ᠠ ᠶᠢᠨ ᠲᠥᠷᠥᠯ ᠤᠨ ᠢᠳᠡᠰᠢᠨ ᠨᠣᠭᠤᠭ᠎ᠠ ᠳᠡᠭᠡᠷ᠎ᠡ ᠪᠦᠬᠦ ᠶᠠᠪᠤᠴᠠ ᠳᠤ ᠬᠡᠷᠡᠭᠯᠡᠬᠦ᠂ ᠲᠦᠬᠦᠬᠡᠷᠦᠮᠵᠢᠳᠦ ᠢᠳᠡᠰᠢᠨ ᠨᠣᠭᠤᠭ᠎ᠠ ᠲᠠᠷᠢᠬᠤ ᠪᠠ ᠬᠠᠮᠢᠶᠠᠷᠬᠤ ᠶᠢ ᠶᠠᠷᠢᠵᠤ ᠲᠠᠶᠢᠯᠪᠤᠷᠢᠯᠠᠪᠠ︔ ᠥᠪᠥᠷ ᠮᠣᠩᠭᠤᠯ ᠤᠨ ᠰᠢᠨ ᠴᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠹᠧᠶ ︽ᠬᠢᠲᠠᠳ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ᠂ ᠲᠥᠷᠥᠯ ᠵᠦᠢᠯ ᠢ ᠰᠣᠩᠭᠤᠬᠤ ᠵᠠᠷᠴᠢᠮ ᠵᠢᠴᠢ ᠠᠰᠠᠭᠤᠳᠠᠯ ᠤᠨ ᠲᠤᠬᠠᠶ ᠰᠤᠳᠤᠯᠤᠨ ᠶᠠᠷᠢᠯᠴᠠᠬᠤ︾ ᠲᠤᠰᠬᠠᠶ ᠰᠡᠳᠦᠪᠲᠦ ᠲᠠᠶᠢᠯᠤᠮᠵᠢ ᠬᠢᠪᠡ᠃ ᠪᠠᠭᠰᠢ ᠨᠠᠷ ᠥᠪᠡᠷ ᠤᠨ ᠲᠤᠰᠬᠠᠶ ᠮᠡᠷᠭᠡᠵᠢᠯ ᠤᠨ ᠮᠡᠳᠡᠯᠭᠡ ᠪᠠ ᠣᠯᠠᠨ ᠵᠢᠯ ᠤᠨ ᠬᠤᠷᠠᠮᠳᠤᠭᠤᠯᠤᠭᠰᠠᠨ ᠦᠢᠯᠡᠳᠦᠯᠬᠡ ᠶᠢᠨ ᠲᠤᠷᠰᠢᠯᠭ᠎ᠠ ᠪᠠᠨ ᠰᠢᠶᠠᠨ ᠤ ᠲᠦᠬᠦᠬᠡᠷᠦᠮᠵᠢᠳᠦ ᠲᠠᠷᠢᠶᠠᠯᠠᠩ ᠪᠠ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠶᠠᠷᠢᠵᠤ᠂ ᠬᠢᠴᠢᠶᠡᠯ ᠤᠨ ᠠᠭᠤᠯᠭ᠎ᠠ ᠪᠠᠶᠠᠯᠢᠭ᠂ ᠰᠢᠨᠵᠢᠯᠡᠬᠦ ᠤᠬᠠᠭᠠᠨᠴᠢ ᠪᠥᠭᠡᠳ ᠪᠣᠳᠠᠲᠤ ᠬᠡᠷᠡᠭᠴᠡᠭᠡ ᠲᠠᠢ᠂ ᠦᠭᠡ ᠬᠡᠯᠡ ᠨᠢ ᠳᠥᠭᠦᠮ ᠣᠶᠢᠯᠠᠭᠠᠮᠵᠢᠲᠠᠶ ᠪᠠᠶᠢᠵᠤ᠂ ᠬᠢᠴᠢᠶᠡᠯᠯᠡᠵᠦ ᠪᠠᠶᠢᠭ᠎ᠠ ᠬᠤᠭᠤᠴᠠᠭᠠᠨ ᠳᠤ ᠦᠷᠭᠦᠯᠵᠢ ᠰᠤᠷᠤᠭᠴᠢᠳ ᠲᠠᠢ ᠶᠠᠷᠢᠯᠴᠠᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠮᠠᠰᠢ ᠬᠥᠭᠵᠢᠶᠡᠨᠲᠡᠶ᠂ ᠰᠤᠷᠤᠭᠴᠢᠳ ᠤᠨ ᠣᠯᠤᠯᠲᠠ ᠶᠡᠭᠡ ᠪᠠᠶᠢᠪᠠ᠃
        ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠭᠤᠯᠤᠯ ᠨᠢ ᠬᠡᠷᠡᠭᠯᠡᠭᠡᠨ ᠤ ᠴᠢᠨᠠᠷ ᠢᠶᠠᠷ ᠴᠢᠩᠭ᠎ᠠ᠂ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ᠂ ᠲᠦᠬᠦᠬᠡᠷᠦᠮᠵᠢᠳᠦ ᠲᠠᠷᠢᠶᠠᠯᠠᠩ ᠪᠠ ᠬᠢᠲᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠳᠠᠬᠢ ᠮᠠᠰᠢ ᠣᠯᠠᠨ ᠠᠰᠠᠭᠤᠳᠠᠯ ᠢ ᠪᠦᠲᠦᠮᠵᠢᠲᠡᠶ ᠰᠡᠢᠳᠪᠦᠷᠢᠯᠡᠵᠤ᠂ ᠲᠦᠬᠦᠬᠡᠷᠦᠮᠵᠢᠳᠦ ᠲᠠᠷᠢᠶᠠᠯᠠᠩ᠂ ᠬᠢᠲᠠᠳ ᠡᠪᠡᠰᠦᠨ ᠡᠮ ᠲᠠᠷᠢᠵᠤ ᠦᠢᠯᠡᠳᠪᠦᠷᠢᠯᠡᠨ ᠡᠵᠡᠩᠨᠡᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠲᠡᠬᠡᠭᠰᠢᠯᠡᠬᠦᠯᠵᠤ ᠴᠢᠳᠠᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号