ᠯᠢᠨᠰᠢ ᠰᠢᠶᠠᠨ ᠳᠠᠪᠠᠭᠤᠯᠢᠭ ᠣᠨᠴᠠᠯᠢᠭᠲᠤ ᠦᠢᠯᠡᠳᠬᠦᠨ ᠤ ᠭᠠᠳᠠᠭᠰᠢ ᠭᠠᠷᠬᠤ ᠠᠯᠬᠤᠴᠠ ᠪᠠᠨ ᠲᠦᠷᠭᠡᠳᠬᠡᠪᠡ
ᠨᠡᠶᠢᠲᠡᠯᠡᠭᠰᠡᠨ ᠴᠠᠭ᠄
2019-11-20
         ᠦᠢᠷ᠎ᠠ ᠶᠢᠨ ᠵᠢᠯ᠂ ᠯᠢᠨᠰᠢ ᠰᠢᠶᠠᠨ ᠠᠯᠢ ᠣᠯᠠᠨ ᠠᠷᠭ᠎ᠠ ᠬᠡᠮᠵᠢᠶ᠎ᠡ ᠠᠪᠴᠤ ᠰᠢᠶᠠᠨ ᠤ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠶᠡᠬᠡᠪᠡᠷ ᠳᠠᠮᠵᠢᠵᠤ᠂ ᠪᠠᠶ ᠾᠦᠢ ᠱᠧᠩ ᠴᠠᠭᠠᠨ ᠰᠢᠬᠢᠷ᠂ ᠳ᠋ᠦᠩ ᠱᠧᠨ ᠢᠮᠠᠭᠠᠨ ᠨᠣᠯᠤᠤᠷ᠂ ᠳ᠋ᠠ ᠵᠢᠩᠽᠢ ᠴᠠᠭᠠᠨ ᠲᠤᠭᠤᠯᠭ᠎ᠠ ᠶᠢᠨ ᠦᠢᠯᠡᠰ ᠵᠡᠷᠭᠡ ᠳᠤᠮᠳᠠᠳᠤ ᠭᠠᠳᠠᠭᠠᠳᠤ ᠶᠢᠨ ︽ᠮᠣᠩᠭᠤᠯ ᠨᠠᠷᠠᠲᠤ︾ ᠦᠢᠯᠡᠳᠬᠦᠨ ᠢ ᠭᠠᠷᠭᠠᠪᠠ᠂ ᠡᠳᠡᠭᠡᠷ ᠦᠢᠯᠡᠳᠬᠦᠨ ᠤ ᠵᠠᠬ᠎ᠠ ᠳᠡᠯᠭᠡᠭᠦᠷ ᠮᠠᠰᠢ ᠰᠠᠶᠢᠨ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠭᠠᠷᠴᠤ᠂ ᠪᠦᠬᠦ ᠤᠯᠤᠰ ᠲᠤ  ᠴᠢᠨᠠᠭᠰᠢᠳᠠ ᠳᠡᠯᠡᠬᠡᠶ ᠳ᠋ᠠᠬᠢᠨ ᠳᠤ ᠴᠢᠭᠯᠡᠪᠡ᠃ ᠨᠢᠭᠡ ᠳᠤ ᠯᠢᠨᠰᠢ ᠰᠢᠶᠠᠨ ᠤ ᠳ᠋ᠠ ᠵᠢᠩᠽᠢ ᠲᠤᠭᠤᠯᠭ᠎ᠠ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠪᠣᠯ ᠮᠠᠨ ᠤ ᠤᠯᠤᠰ ᠤᠨ ᠬᠥᠬᠡ ᠮᠥᠷᠡᠨ ᠤ ᠤᠮᠠᠷᠠᠳᠠᠬᠢ ᠴᠣᠷ ᠤᠨ ᠭᠠᠭᠴᠠ ᠨᠠᠷᠢᠯᠢᠭ ᠴᠠᠭᠠᠨ ᠲᠤᠭᠤᠯᠭ᠎ᠠ ᠪᠣᠯᠪᠠᠰᠤᠷᠠᠭᠤᠯᠬᠤ ᠴᠢᠳᠠᠪᠤᠷᠢ ᠲᠠᠢ ᠠᠵᠤ ᠠᠬᠤᠶᠢᠯᠠᠯ ᠮᠥᠨ᠂ ᠮᠠᠨ ᠤ ᠰᠢᠶᠠᠨ ᠳᠤ ᠥᠷᠭᠡᠨ ᠢᠶᠠᠷ ᠲᠠᠷᠬᠠᠵᠤ ᠪᠠᠶᠢᠭ᠎ᠠ ᠲᠣᠮᠣ ᠳᠤᠮᠳᠠ ᠬᠡᠯᠪᠡᠷᠢ ᠶᠢᠨ ᠴᠠᠭᠠᠨ ᠲᠤᠭᠤᠯᠭ᠎ᠠ ᠶᠢᠨ ᠲᠡᠮᠦᠷᠯᠢᠭ ᠤᠨ ᠠᠭᠤᠷᠬᠠᠶ ᠶᠢ ᠠᠰᠢᠭᠯᠠᠨ᠂ ᠵᠢᠯ ᠳᠤ 5000 ᠲᠣᠨ ᠨᠠᠷᠢᠯᠢᠭ ᠴᠠᠭᠠᠨ ᠲᠤᠭᠤᠯᠭ᠎ᠠ ᠦᠢᠯᠡᠳᠪᠦᠷᠢᠯᠡᠨ᠂ ᠦᠢᠯᠡᠳᠬᠦᠨ ᠤ ᠥᠷᠲᠡᠭ ᠢ 5.6 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠡᠶ᠃ ᠭᠤᠤᠯᠳᠠᠭᠤ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠳᠣᠷᠣᠨᠠᠲᠤ ᠣᠷᠣᠨ᠂ ᠳᠤᠮᠳᠠᠳᠤ ᠣᠷᠣᠨ ᠵᠡᠷᠭᠡ ᠭᠠᠵᠠᠷ ᠲᠤ ᠪᠣᠷᠣᠯᠠᠭᠤᠯᠵᠤ᠂ 10 ᠭᠠᠷᠤᠶ ᠴᠠᠭᠠᠨ ᠲᠤᠭᠤᠯᠭ᠎ᠠ ᠶᠢᠨ ᠪᠦᠲᠦᠭᠡᠭᠳᠡᠬᠦᠨ ᠪᠣᠯᠤᠨ ᠴᠠᠭᠠᠨ ᠲᠤᠭᠤᠯᠭ᠎ᠠ ᠶᠢᠨ ᠠᠵᠤ ᠠᠬᠤᠶᠢᠯᠠᠯ ᠲᠠᠢ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ ᠲᠣᠭᠲᠠᠪᠤᠷᠢᠲᠠᠶ ᠬᠠᠷᠢᠴᠠᠭ᠎ᠠ ᠲᠠᠢ ᠪᠠᠶᠢᠵᠤ᠂ ᠳ᠋ᠠ ᠵᠢᠩᠽᠢ ᠴᠠᠭᠠᠨ ᠲᠤᠭᠤᠯᠭ᠎ᠠ ᠶᠢᠨ  ᠦᠢᠯᠡᠰ ᠱᠠᠩᠬᠠᠶ ᠶᠢᠨ ᠬᠤᠭᠤᠴᠠᠭᠠᠲᠤ ᠪᠠᠷᠠᠭ᠎ᠠ ᠶᠢᠨ ᠠᠷᠠᠯᠵᠢᠶᠠᠨ ᠤ ᠭᠠᠵᠠᠷ ᠤᠨ ᠴᠠᠭᠠᠨ ᠲᠤᠭᠤᠯᠭ᠎ᠠ ᠶᠢᠨ ᠲᠠᠸᠠᠷ ᠢ ᠳᠠᠩᠰᠠᠯᠠᠭᠤᠯᠵᠤ ᠭᠠᠷᠳᠠᠮ ᠬᠦᠢᠴᠡᠳᠬᠡᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠵᠤ ᠪᠠᠶᠢᠨ᠎ᠠ᠃ ᠬᠤᠶᠠᠷ ᠲᠤ᠂ ᠯᠢᠨᠰᠢ ᠰᠢᠶᠠᠨ ᠤ ᠪᠠᠶ ᠬᠤᠢ ᠱᠧᠩ ᠰᠢᠨ᠎ᠡ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠦᠬᠦ ᠠᠵᠤ ᠦᠢᠯᠡᠰ ᠢ ᠨᠡᠶᠢᠳᠬᠡᠬᠦ ᠪᠠᠨ ᠴᠢᠩᠭᠠᠳᠬᠠᠵᠤ᠂ 2018 ᠣᠨ ᠳᠤ 47.80 ᠲᠦᠮᠡᠨ ᠲᠣᠨ ᠰᠢᠬᠢᠷ ᠯᠤᠤᠪᠠᠩ ᠬᠤᠳᠠᠯᠳᠤᠨ ᠠᠪᠴᠤ᠂ 6.34 ᠲᠦᠮᠡᠨ ᠲᠣᠨ ᠴᠠᠭᠠᠨ ᠰᠢᠬᠢᠷ᠂ 2.74 ᠲᠦᠮᠡᠨ ᠲᠣᠨ ᠰᠢᠬᠠᠳᠠᠰᠤ᠂ 2.67 ᠲᠦᠮᠡᠨ ᠲᠣᠨ ᠰᠢᠬᠢᠷ ᠤᠨ ᠪᠠᠯ ᠦᠢᠯᠡᠳᠪᠦᠷᠢᠯᠡᠵᠤ᠂ ᠪᠣᠷᠣᠯᠠᠭᠤᠯᠭ᠎ᠠ ᠶᠢᠨ ᠣᠷᠣᠯᠭ᠎ᠠ 4.13 ᠳ᠋ᠦᠩᠰᠢᠭᠤᠷ ᠲᠥᠭᠦᠷᠢᠭ ᠲᠤ ᠬᠦᠷᠴᠠᠢ᠂ ᠵᠠᠬ᠎ᠠ ᠳᠡᠯᠭᠡᠭᠦᠷ ᠨᠢ ᠭᠤᠤᠯᠳᠠᠭᠤ ᠵᠡᠭᠦᠨ ᠬᠤᠶᠢᠳᠤ ᠣᠷᠣᠨ᠂ ᠤᠮᠠᠷᠠᠳᠤ ᠣᠷᠣᠨ ᠳᠤ ᠲᠠᠷᠬᠠᠵᠤ᠂ ᠮᠠᠨ ᠤ ᠤᠯᠤᠰ ᠤᠨ ᠤᠮᠠᠷᠠᠲᠤ ᠶᠢᠨ ᠰᠢᠬᠢᠷ ᠯᠤᠤᠪᠠᠩ ᠢ ᠰᠢᠬᠢᠷ ᠬᠢᠬᠦ ᠵᠢᠴᠢ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠪᠣᠯᠪᠠᠰᠤᠷᠠᠭᠤᠯᠬᠤ ᠪᠠᠷ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠣᠯᠭᠠᠭᠰᠠᠨ ᠣᠳᠣ ᠦᠶ᠎ᠡ ᠶᠢᠨ ᠠᠵᠤ ᠠᠬᠤᠶᠢᠯᠠᠯ ᠪᠣᠯᠪᠠ᠃ ᠭᠤᠷᠪᠠ ᠳᠤ᠂ ᠤᠯᠠᠭᠠᠨᠬᠠᠳᠠ ᠶᠢᠨ ᠳ᠋ᠦᠩ ᠱᠧᠨ ᠢᠮᠠᠭᠠᠨ ᠨᠣᠯᠤᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢ ᠳ᠋ᠦᠩ ᠳ᠋ᠧ ᠢᠮᠠᠭᠠᠨ ᠨᠣᠯᠤᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠪᠣᠯᠤᠨ ᠶᠠᠫᠣᠨ ᠤ ᠱᠧᠨ ᠰᠢ ᠨᠣᠤᠰᠣᠨ ᠨᠡᠬᠡᠮᠡᠯ ᠤᠨ ᠬᠤᠪᠢᠴᠠᠭᠠᠳᠤ ᠺᠣᠮᠫᠠᠨᠢ ᠬᠠᠮᠲᠤᠪᠠᠷ ᠪᠡᠯᠡ ᠮᠥᠩᠭᠦ ᠭᠠᠷᠭᠠᠨ ᠪᠠᠶᠢᠭᠤᠯᠵᠤ᠂ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠨᠢ ᠢᠮᠠᠭᠠᠨ ᠨᠣᠯᠤᠤᠷ ᠤᠨ ᠤᠬᠢ ᠰᠢᠯᠢᠳᠡᠭ ᠬᠦᠵᠦᠭᠦᠨ ᠤ ᠣᠷᠢᠶᠠᠯᠲᠠ ᠵᠢᠴᠢ ᠨᠤᠤᠰᠤᠨ ᠨᠥᠮᠥᠷᠭᠡ ᠶᠢ ᠦᠢᠯᠡᠳᠬᠦ ᠵᠢᠴᠢ ᠭᠠᠳᠠᠭᠠᠳᠤ ᠳᠤ ᠭᠠᠷᠭᠠᠵᠤ ᠪᠣᠷᠣᠯᠠᠭᠤᠯᠵᠤ᠂ 915 ᠲᠦᠮᠡᠨ ᠲᠥᠭᠦᠷᠢᠭ ᠤᠨ ᠥᠷᠳᠡᠭ ᠪᠦᠬᠦᠢ ᠤᠯᠤᠰ ᠤᠨ ᠳᠣᠲᠣᠭᠠᠳᠤ ᠶᠢᠨ ᠲᠡᠷᠢᠭᠦᠨ ᠤ ᠦᠢᠯᠡᠳᠪᠦᠷᠢᠯᠡᠯ ᠤᠨ ᠱᠤᠭᠤᠮ ᠢ ᠣᠷᠣᠭᠤᠯᠵᠤ ᠠᠪᠴᠢᠷᠠᠬᠤ ᠪᠠᠷ ᠳᠠᠮᠵᠢᠨ᠂ ᠵᠢᠯ ᠳᠤ ᠦᠢᠯᠡᠳᠪᠦᠷᠢᠯᠡᠭᠰᠡᠨ ᠢᠮᠠᠭᠠᠨ ᠨᠣᠯᠤᠤᠷ ᠤᠨ ᠬᠦᠵᠦᠭᠦᠨ ᠤ ᠣᠷᠢᠶᠠᠯᠲᠠ ᠶᠢᠨ 40 ᠲᠦᠮᠡᠨ ᠵᠤᠷᠪᠤᠰ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠵᠡᠶ᠃ 2010 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠢᠮᠠᠭᠠᠨ ᠨᠣᠯᠤᠤᠷ ᠤᠨ ᠬᠦᠵᠦᠭᠦᠨ ᠤ ᠣᠷᠢᠶᠠᠯᠲᠠ ᠵᠢᠴᠢ ᠨᠤᠤᠰᠤᠨ ᠨᠥᠮᠥᠷᠭᠡ ᠶᠢ ᠨᠡᠶᠢᠲᠡ 169.02 ᠲᠦᠮᠡ ᠦᠢᠯᠡᠳᠪᠦᠷᠢᠯᠡᠵᠤ᠂ ᠦᠢᠯᠡᠳᠬᠦᠨ ᠨᠢ ᠭᠤᠤᠯᠳᠠᠭᠤ ᠶᠠᠫᠣᠨ᠂ ᠧᠦ᠋ᠷᠣᠫᠠ ᠵᠡᠷᠭᠡ ᠤᠯᠤᠰ ᠵᠢᠴᠢ ᠭᠠᠵᠠᠷ ᠣᠷᠣᠨ ᠭᠠᠳᠠᠭᠠᠳᠤ ᠳᠤ ᠭᠠᠷᠭᠠᠵᠤ᠂ ᠪᠣᠷᠣᠯᠠᠭᠤᠯᠤᠯᠲᠠ ᠶᠢᠨ ᠣᠷᠣᠯᠭ᠎ᠠ ᠶᠢ ᠨᠡᠶᠢᠲᠡ 3.72 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠳᠠᠭᠠᠳᠤ ᠳᠤ ᠭᠠᠷᠭᠠᠬᠤ ᠭᠤᠪᠢᠭᠤᠯᠭ᠎ᠠ 5435 ᠲᠦᠮᠡᠨ ᠳ᠋ᠣᠯᠯᠠᠷ ᠲᠤ ᠬᠦᠷᠴᠦ᠂ ᠪᠥᠬᠦ ᠤᠯᠤᠰ ᠤᠨ ᠢᠮᠠᠭᠠᠨ ᠨᠣᠯᠤᠤᠷ ᠤᠨ ᠬᠦᠵᠦᠭᠦᠨ ᠤ ᠣᠷᠢᠶᠠᠯᠲᠠ ᠵᠢᠴᠢ ᠨᠥᠮᠥᠷᠭᠡ ᠭᠠᠳᠠᠭᠠᠳᠤ ᠳᠤ ᠭᠠᠷᠭᠠᠵᠤ ᠭᠤᠪᠢᠭᠤᠯᠭ᠎ᠠ ᠣᠯᠤᠭᠰᠠᠨ 210 ᠭᠠᠷᠤᠶ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠪᠣᠷᠣᠯᠠᠭᠤᠯᠭ᠎ᠠ ᠶᠢᠨ ᠨᠣᠷᠮ᠎ᠠ ᠡᠮᠦᠨ᠎ᠡ ᠡᠩᠨᠡᠭᠡᠨ ᠳᠤ ᠵᠢᠭᠰᠠᠭᠠᠭᠳᠠᠵᠠᠶ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号