ᠳ᠋ᠠ ᠢᠩᠽᠢ ᠲᠣᠮᠢᠯᠠᠭᠰᠠᠨ ᠰᠠᠯᠪᠤᠷᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠬᠦ ᠡᠷᠴᠢᠮ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2019-11-22
        ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠤ ᠡᠮᠬᠢ ᠳᠢᠭᠯᠢᠮ ᠢ ᠤᠯᠠᠮ ᠨᠢᠭᠡ ᠠᠯᠬᠤᠮ ᠴᠡᠪᠡᠷᠰᠢᠬᠦᠯᠦᠨ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠲᠣᠭᠲᠠᠭᠤᠨ ᠪᠤᠰᠤ ᠬᠦᠴᠦᠨ ᠵᠦᠢᠯ ᠢ ᠴᠠᠭ ᠲᠤᠬᠠᠶ ᠳᠤᠨᠢ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠦᠯᠦᠬᠡ᠂ ᠳ᠋ᠠ ᠢᠩᠽᠢ ᠲᠣᠮᠢᠯᠠᠭᠰᠠᠨ ᠰᠠᠯᠪᠤᠷᠢ ᠨᠢ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠳᠣᠲᠣᠭᠠᠳᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠵᠢᠯ ᠲᠥᠷᠥᠯ ᠤᠨ ᠲᠠᠯᠠᠪᠤᠷ ᠭᠠᠵᠠᠷ ᠲᠤ ᠪᠥᠬᠦ ᠲᠠᠯ᠎ᠠ ᠶᠢᠨ᠂ ᠪᠦᠬᠦᠨ ᠢ ᠬᠠᠮᠤᠷᠤᠭᠰᠠᠨ ᠦᠷᠭᠦᠯᠵᠢᠯᠡᠭᠰᠡᠨ ᠬᠡᠯᠪᠡᠷᠢ ᠶᠢᠨ ᠨᠠᠷᠢᠯᠢᠭ ᠪᠠᠶᠢᠴᠠᠭᠠᠯᠲᠠ ᠬᠢᠪᠠ  ᠃        ᠨᠢᠭᠡ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠩᠬᠦ ᠪᠠᠳᠤᠯᠠᠪᠠ᠃ ᠠᠷᠠᠳ ᠤᠨ ᠴᠠᠭᠳᠠᠭ᠎ᠠ ᠬᠠᠷᠢᠶᠠᠲᠤ ᠣᠷᠣᠨ ᠤ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠳᠤ ᠠᠮᠤᠷ ᠲᠦᠪᠰᠢᠨ ᠤ ᠶᠡᠭᠡ ᠪᠠᠶᠢᠴᠠᠭᠠᠯᠳᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠶᠢᠨ ᠬᠦᠴᠦᠨ ᠴᠢᠳᠠᠯ᠂ ᠠᠮᠤᠷ ᠲᠦᠪᠰᠢᠨ᠂ ᠡᠷᠭᠢᠨ ᠲᠣᠭᠤᠷᠢᠨ ᠤ ᠠᠮᠤᠷ ᠲᠦᠪᠰᠢᠨ ᠵᠡᠷᠭᠡ ᠶᠢ ᠡᠮᠬᠢᠯᠡᠵᠦ ᠲᠢᠭᠯᠡᠨ ᠴᠡᠭᠴᠡᠯᠡᠬᠦ ᠶᠢᠨ ᠬᠠᠮᠲᠤ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠡᠭᠦᠳᠡ ᠪᠠ ᠰᠤᠷᠭᠠᠭᠤᠯᠢ ᠶᠢᠨ ᠦᠢᠷ᠎ᠠ ᠬᠠᠪᠢ ᠳᠤ ᠣᠴᠢᠭᠤᠯᠤᠨ᠂ ᠰᠤᠷᠭᠠᠭᠤᠯᠢ ᠵᠢᠴᠢ ᠡᠷᠭᠢᠨ ᠲᠣᠭᠤᠷᠢᠨ ᠤ ᠠᠮᠤᠷ ᠲᠦᠪᠰᠢᠨ ᠲᠣᠭᠲᠠᠭᠤᠨ ᠢ ᠪᠠᠲᠤᠯᠠᠪᠠ᠃       ᠬᠤᠶᠠᠷ᠂ ᠵᠠᠰᠠᠵᠤ ᠴᠡᠭᠴᠡᠯᠡᠬᠦ ᠠᠵᠢᠯ ᠢ ᠥᠷᠨᠢᠭᠦᠯᠵᠦ᠂ ᠡᠷᠭᠢᠨ ᠲᠣᠭᠤᠷᠢᠨ ᠤ ᠠᠮᠤᠷ ᠲᠦᠪᠰᠢᠨ ᠤ ᠣᠷᠴᠢᠨ ᠲᠣᠭᠤᠷᠢᠨ ᠢ  ᠴᠡᠪᠡᠷᠰᠢᠬᠦᠯᠪᠡ᠃ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠵᠢᠯ ᠲᠥᠷᠥᠯ ᠤᠨ ᠲᠣᠤᠷ ᠴᠢᠭ᠋ ᠵᠢᠴᠢ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠬᠥᠮᠦᠰ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠪᠠ ᠰᠤᠷᠭᠠᠭᠤᠯᠢ ᠳᠤ ᠬᠤᠯᠪᠣᠭᠳᠠᠬᠤ ᠰᠤᠷᠤᠭᠴᠢ ᠲᠤ ᠬᠤᠯᠪᠤᠭᠳᠠᠬᠤ ᠠᠰᠠᠭᠤᠳᠠᠯ ᠢ ᠴᠢᠷᠮᠠᠶᠢᠨ ᠪᠠᠭᠠᠰᠬᠠᠵᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠰᠢᠬᠦᠯᠵᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号