︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠬᠤ ᠶᠢᠨ ᠲᠥᠯᠥᠭᠡ᠂ 11 ᠰᠠᠷ᠎ᠠ ᠶᠢᠨ 13 ᠤ ᠦᠳᠡ ᠶᠢᠨ ᠬᠤᠶᠢᠨ᠎ᠠ᠂ ᠯᠢᠨᠰᠢ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠰᠠᠭᠤᠳᠠᠯ ᠤᠨ ᠰᠣᠯᠢᠯᠴᠠᠭᠠᠨ ᠤ | ᠬᠤᠷᠠᠯ ᠬᠤᠷᠠᠯᠳᠤᠭᠤᠯᠪᠠ᠃ ᠬᠤᠷᠠᠯ ᠢ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ | ᠸᠠᠩ ᠬᠤᠢ ᠡᠷᠬᠢᠯᠡᠵᠦ᠂ ᠲᠣᠪᠴᠢᠶ᠎ᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ | ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠵᠢᠯᠣᠭᠤᠳᠬᠤ | ᠳᠤᠭᠤᠢᠯᠠᠩ ᠤᠨ ᠳᠠᠷᠤᠭ᠎ᠠ ᠢᠦᠶ ᠹᠧᠩ ᠺᠦᠶ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | | | | | | | | | | | | | ᠭᠤᠤᠯ ᠰᠡᠳᠦᠪᠲᠦ ᠬᠥᠮᠦᠵᠢᠯ ᠤᠨ ᠠᠵᠢᠯᠯᠠᠭᠠᠨ ᠢ ᠥᠷᠨᠢᠭᠦᠯᠦᠭᠰᠡᠨ ᠠᠴᠠ ᠨᠠᠰᠢ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠢᠮᠠᠭᠲᠠ ᠲᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠴᠠᠭᠠᠨ | ᠰᠤᠳᠤᠯᠤᠯᠲᠠ ᠬᠢᠬᠦ ᠶᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠬᠤ ᠲᠥᠰᠦᠯ ᠢ | ᠲᠣᠭᠲᠠᠭᠠᠨ ᠲᠡᠭᠦᠯᠳᠡᠷᠵᠢᠭᠦᠯᠵᠦ᠂ ᠣᠳᠣᠬᠠᠨ ᠤ ᠠᠵᠢᠯ ᠳᠤ ᠣᠷᠣᠰᠢᠵᠤ ᠪᠠᠶᠢᠭ᠎ᠠ ᠲᠣᠪᠦ᠋ᠮ᠎ᠠ ᠠᠰᠠᠭᠤᠳᠠᠯ ᠪᠣᠯᠤᠨ | ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠰᠡᠢᠳᠪᠦᠷᠢᠯᠡᠬᠦ ᠪᠠᠷ | ᠭᠤᠤᠯᠳᠠᠭᠤᠯᠵᠤ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠡᠭᠦᠷᠭᠡ | ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠬᠦᠢᠴᠡᠳᠬᠡᠪᠡ᠃ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ | ᠪᠠᠭ ᠤᠨ ᠪᠦᠷᠢᠯᠳᠦᠬᠦᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ᠂ ᠤᠴᠢᠷ | ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠭᠡᠷ ᠹᠷᠣᠨᠲ ᠤᠨ ᠪᠠᠶᠢᠴᠠᠭᠠᠨ ᠰᠤᠳᠤᠯᠤᠯᠲᠠ ᠬᠢᠵᠦ᠂ ᠪᠦᠬᠦ | ᠲᠠᠯ᠎ᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ | ᠶᠡᠭᠡ ᠠᠰᠠᠭᠤᠳᠠᠯ ᠤᠨ ᠲᠤᠬᠠᠶ ᠪᠣᠳᠠᠲᠤ ᠪᠠᠶᠢᠳᠠᠯ ᠢ ᠣᠶᠢᠯᠠᠭᠠᠵᠤ᠂ ᠬᠡᠮ ᠰᠣᠭᠤᠭ ᠢ ᠨᠢ ᠪᠠᠶᠢᠴᠠᠭᠠᠵᠤ᠂ | ᠰᠡᠳᠬᠢᠮᠵᠢ ᠶᠢ ᠨᠢ ᠦᠵᠡᠬᠦ ᠶᠢᠨ ᠬᠠᠮᠲᠤ ᠪᠠᠶᠢᠴᠠᠭᠠᠨ ᠰᠤᠳᠤᠯᠬᠤ ᠪᠠ ᠰᠤᠷᠤᠯᠴᠠᠯᠭ᠎ᠠ ᠬᠥᠮᠦᠵᠢᠯ᠂ ᠠᠰᠠᠭᠤᠳᠠᠯ ᠢ | ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠲᠤᠤᠱᠯᠠᠭᠤᠯᠵᠤ᠂ ᠭᠤᠤᠯ | ᠰᠡᠳᠦᠪᠲᠦ ᠬᠥᠮᠦᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ | ᠰᠣᠯᠢᠯᠴᠠᠭᠠᠨ ᠤ ᠬᠤᠷᠠᠯ ᠳᠡᠭᠡᠷ᠎ᠡ᠂ ᠤᠳᠤᠷᠢᠳᠬᠤ ᠪᠠᠭ ᠤᠨ ᠪᠦᠷᠢᠯᠳᠦᠬᠦᠨ ᠲᠣᠰ ᠲᠣᠰ ᠤᠨ ᠠᠵᠢᠯ ᠤᠨ | ᠲᠤᠰᠢᠶᠠᠯ ᠬᠠᠷᠢᠭᠤᠴᠠᠯᠭ᠎ᠠ ᠪᠠ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠲᠠᠢ ᠪᠠᠨ ᠤᠶᠠᠯᠳᠤᠭᠤᠯᠵᠤ᠂ | ᠠᠰᠠᠭᠤᠳᠠᠯ ᠢ ᠭᠦᠨᠵᠡᠭᠡᠶ ᠪᠠᠶᠢᠴᠠᠭᠠᠨ ᠲᠡᠯᠬᠡᠭᠰᠡᠨ ᠪᠥᠭᠡᠳ ᠪᠠᠰᠠ ᠰᠢᠨ᠎ᠡ ᠶᠢ ᠡᠭᠦᠳᠬᠦ ᠰᠡᠳᠬᠢᠴᠡ ᠪᠠᠷ ᠬᠦᠴᠢᠷ | ᠠᠰᠠᠭᠤᠳᠠᠯ ᠢ ᠰᠡᠢᠳᠪᠦᠷᠢᠯᠡᠬᠦ ᠪᠣᠳᠠᠲᠠᠶ ᠠᠷᠭ᠎ᠠ ᠬᠡᠮᠵᠢᠶ᠎ᠡ ᠠᠪᠴᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶ | ᠥᠷᠨᠢᠬᠦ ᠪᠠ ᠭᠤᠤᠯᠳᠠᠯᠭ᠎ᠠ ᠲᠠᠢ ᠠᠵᠢᠯ ᠤᠨ ᠪᠦᠲᠦᠮᠵᠢᠲᠡᠶ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠬᠢᠭᠤᠯᠪᠠ᠃ | ᠬᠤᠷᠠᠯ ᠳᠡᠭᠡᠷ᠎ᠡ᠂ ᠢᠦᠶ ᠹᠧᠩ ᠺᠦᠶ ᠨᠥᠬᠦᠷ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠳᠤᠷᠢᠳᠬᠤ | ᠪᠠᠭ ᠤᠨ ᠭᠤᠤᠯ ᠰᠡᠳᠦᠪᠲᠦ ᠬᠥᠮᠦᠵᠢᠯ ᠤᠨ ᠠᠵᠢᠯᠯᠠᠭᠠᠨ ᠥᠷᠨᠢᠭᠦᠯᠦᠭᠰᠡᠨ ᠦᠷ᠎ᠡ ᠪᠦᠲᠦᠮᠵᠢ ᠶᠢ ᠬᠦᠢᠴᠡᠳ | ᠨᠤᠲᠠᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠳᠤ ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠵᠦ | ᠳᠣᠲᠣᠭᠠᠳᠤ ᠶᠢ ᠬᠠᠮᠠᠭᠠᠯᠠᠬᠤ ᠠᠵᠢᠯ ᠢ ᠠᠬᠢᠭᠤᠯᠬᠤ ᠲᠤᠬᠠᠶ ᠰᠠᠨᠠᠯ ᠰᠠᠨᠠᠭᠤᠯᠭ᠎ᠠ ᠳᠤᠷᠠᠳᠴᠠᠶ᠃ | |