ᠲᠦᠷᠢᠶᠡᠰᠦᠨ ᠮᠠᠰᠢᠨ ᠤ ᠵᠢᠯᠣᠭᠤᠴᠢ ᠭᠡᠭᠡᠭᠰᠡᠨ ᠪᠤᠭᠴᠤ ᠶᠢᠨ ᠡᠵᠡᠨ ᠢ ᠨᠢ ᠡᠷᠢᠵᠤ ᠪᠤᠴᠠᠭᠠᠪᠠ
ᠨᠡᠶᠢᠲᠡᠯᠡᠭᠰᠡᠨ ᠴᠠᠭ᠄
2019-11-22
      11 ᠰᠠᠷ᠎ᠠ ᠶᠢᠨ 14 ᠤ ᠡᠳᠦᠷ᠂ ᠲᠦᠷᠢᠶᠡᠰᠦᠨ ᠮᠠᠰᠢᠨ ᠤ ᠵᠢᠯᠣᠭᠤᠴᠢ ᠠᠷᠤ ᠶᠢᠨ ᠰᠠᠭᠤᠳᠠᠯ ᠠᠴᠠ ᠨᠢᠭᠡ ᠡᠮᠡᠭᠲᠡᠶ ᠶᠢᠨ ᠭᠠᠷ ᠪᠣᠭᠴᠣ ᠣᠯᠵᠤ ᠠᠪᠴᠠᠶ᠂ ᠪᠣᠭᠴᠣᠨ ᠳᠤ ᠪᠡᠶ᠎ᠡ ᠶᠢᠨ ᠦᠨᠡᠮᠯᠡᠯ᠂ ᠪᠠᠩᠬᠢ ᠶᠢᠨ ᠺᠠᠷᠲ ᠵᠢᠴᠢ ᠪᠡᠯᠡᠨ ᠵᠣᠭᠤᠰ 2800 ᠭᠠᠷᠤᠶ ᠲᠥᠭᠦᠷᠢᠭ ᠪᠠᠶᠢᠭᠰᠠᠨ ᠪᠠᠶᠢᠨ᠎ᠠ᠃ ᠲᠦᠷᠢᠶᠡᠰᠦᠨ ᠮᠠᠰᠢᠨ ᠤ ᠵᠢᠯᠣᠭᠤᠴᠢ ᠲᠡᠷᠡ ᠳᠠᠷᠤᠶ ᠳᠤᠨᠢ ᠭᠠᠷ ᠪᠣᠭᠴᠣ ᠶᠢ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠳᠤ ᠬᠦᠷᠭᠡᠵᠦ᠂ ᠠᠷᠠᠳ ᠤᠨ ᠴᠠᠭᠳᠠᠭ᠎ᠠ ᠳᠤ ᠨᠠᠶᠢᠳᠠᠨ ᠭᠡᠭᠡᠭᠰᠡᠨ ᠡᠵᠡᠨ ᠢ ᠨᠢ ᠡᠷᠢᠵᠦ ᠥᠭᠴᠡᠶ᠃          ᠪᠤᠭᠴᠤ ᠪᠠᠨ ᠠᠯᠳᠠᠭᠰᠠᠨ ᠡᠵᠡᠨ ᠭᠤᠸᠠᠨ ᠤᠪᠤᠭᠳᠠᠨ ᠠᠯᠲᠠ ᠣᠯᠪᠠᠴᠤ ᠠᠮᠢᠨ ᠳᠡᠭᠡᠨ ᠠᠪᠬᠤ ᠦᠭᠡᠢ ᠲᠦᠷᠢᠶᠡᠰᠦᠨ ᠮᠠᠰᠢᠨ ᠤ ᠵᠢᠯᠣᠭᠤᠴᠢ ᠳᠤ ᠲᠦᠢᠯ ᠢᠶᠠᠷ ᠲᠠᠯᠠᠷᠬᠠᠵᠤ ᠪᠠᠶᠢᠬᠤ ᠰᠡᠳᠬᠢᠯᠭᠡ ᠪᠠᠨ ᠢᠯᠡᠳᠬᠡᠭᠰᠡᠨ ᠪᠥᠭᠡᠳ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠳᠤ ᠪᠠᠶᠠᠷᠯᠠᠨ ᠲᠠᠯᠠᠷᠬᠠᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号