ᠳ᠋ᠠ ᠵᠢᠩ ᠲᠣᠮᠢᠯᠠᠭᠰᠠᠨ ᠰᠠᠯᠪᠤᠷᠢ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠶᠢᠨ ᠬᠢᠴᠢᠶᠡᠯ ᠳᠤ ᠤᠷᠤᠯᠴᠠᠭᠤᠯᠪᠠ
ᠨᠡᠶᠢᠲᠡᠯᠡᠭᠰᠡᠨ ᠴᠠᠭ᠄
2019-11-22
       ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠶᠠᠪᠤᠳᠠᠯ ᠤᠨ ᠠᠵᠢᠯᠲᠠᠨ ᠤ ᠡᠷᠡᠭᠦᠯ ᠮᠡᠨᠳᠦ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠩ ᠣᠯᠠᠨ ᠡᠷᠡᠭᠦᠯ ᠮᠡᠨᠳᠦ ᠶᠢᠨ ᠮᠡᠳᠡᠯᠭᠡ ᠶᠢ ᠡᠵᠡᠮᠰᠢᠬᠦᠯᠬᠦ ᠶᠢᠨ ᠲᠥᠯᠥᠭᠡ᠂ 11 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠳ᠋ᠠ ᠵᠢᠩ ᠲᠣᠮᠢᠯᠠᠭᠰᠠᠨ ᠰᠠᠯᠪᠤᠷᠢ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠤᠯᠠᠭᠠᠨᠬᠠᠳᠠ ᠬᠤᠲᠠ ᠶᠢᠨ ᠠᠮᠤᠷ ᠲᠦᠪᠰᠢᠨ ᠤ ᠬᠥᠮᠦᠵᠢᠯ ᠤᠨ ᠲᠥᠪ ᠤᠨ ᠥᠷᠨᠢᠭᠦᠯᠦᠭᠰᠡᠨ ︽ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠡᠷᠡᠭᠦᠯ ᠡᠩᠬᠡ ᠤᠯᠠᠭᠠᠨᠬᠠᠳᠠ︾ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠶᠢᠨ ᠬᠢᠴᠢᠶᠡᠯ ᠳᠤ ᠣᠷᠣᠯᠴᠠᠭᠤᠯᠪᠠ᠃       ᠬᠢᠴᠢᠶᠡᠯ ᠳᠡᠭᠡᠷ᠎ᠡ᠂ ᠲᠠᠶᠢᠯᠪᠤᠷᠢᠯᠠᠭᠴᠢ ᠪᠠᠭᠰᠢ ᠠᠴᠠ ᠶᠡᠭᠡ ᠬᠡᠮᠵᠢᠶᠡᠨ ᠤ ᠨᠠᠷᠢᠨ ᠪᠣᠳᠠᠲᠠᠶ ᠲᠤᠭ᠎ᠠ ᠪᠠᠷᠢᠮᠲᠠ ᠂ ᠨᠡᠶᠢᠲᠡᠯᠢᠭ ᠡᠮᠴᠢᠯᠡᠭᠡ ᠶᠢ ᠬᠡᠷᠡᠭᠯᠡᠨ᠂ ᠦᠷᠭᠦᠯᠵᠢ ᠲᠣᠬᠢᠶᠠᠯᠳᠤᠳᠠᠭ ᠡᠪᠡᠳᠴᠢᠨ ᠡᠮᠭᠡᠭ ᠵᠢᠴᠢ ᠠᠪᠤᠷᠠᠬᠤ ᠮᠡᠳᠡᠯᠭᠡ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠪᠠᠷ ᠭᠤᠤᠯ ᠰᠡᠳᠦᠪ ᠪᠣᠯᠭᠠᠵᠤ᠂ ᠤᠬᠠᠭᠠᠨ ᠠᠯᠳᠠᠬᠤ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠪᠠᠶᠢᠩᠭᠤ ᠲᠣᠬᠢᠶᠠᠯᠳᠤᠳᠠᠭ ᠠᠵᠢᠯ ᠤᠨ ᠨᠥᠯᠥᠭᠡᠨ ᠤ ᠡᠪᠡᠳᠴᠢᠨ᠂ ᠠᠭᠠᠷ ᠪᠣᠯᠤᠨ ᠭᠡᠷ ᠳᠣᠲᠣᠷᠠᠬᠢ ᠵᠠᠰᠠᠯ ᠴᠢᠮᠡᠭᠯᠡᠯ ᠤᠨ ᠪᠣᠬᠢᠷᠲᠤᠯ ᠵᠡᠷᠭᠡ ᠶᠢ  ᠰᠡᠢᠳᠪᠦᠷᠢᠯᠡᠬᠦ ᠠᠷᠭ᠎ᠠ ᠮᠠᠶ᠋ᠢᠭ ᠢ ᠣᠯᠠᠨ ᠳᠤ ᠶᠠᠷᠢᠵᠤ ᠥᠭᠭᠦᠭᠰᠡᠨ ᠪᠥᠭᠡᠳ ᠲᠤᠬᠠᠶ ᠶᠢᠨ ᠲᠠᠯᠠᠪᠤᠷ ᠲᠤ ᠣᠯᠠᠨ ᠤ ᠵᠢᠷᠦᠬᠡ ᠠᠭᠤᠰᠬᠢᠨ ᠤ ᠰᠡᠷᠭᠦᠯᠲᠡ ᠶᠢᠨ ᠵᠥᠪ ᠣᠨᠣᠪᠴᠢᠲᠠᠶ ᠠᠵᠢᠯᠯᠠᠬᠤ ᠠᠷᠭ᠎ᠠ ᠶᠢ ᠵᠢᠭᠠᠵᠤ ᠥᠭᠭᠦᠭᠰᠡᠨ ᠪᠠᠶᠢᠨ᠎ᠠ᠃      ᠲᠣᠰ ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ᠂ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠶᠠᠪᠤᠳᠠᠯ ᠤᠨ ᠠᠵᠢᠯᠲᠠᠨ ᠤ ᠡᠳᠦᠷ ᠲᠤᠲᠤᠮ ᠤᠨ ᠪᠠᠶᠢᠩᠭᠤ ᠲᠣᠬᠢᠶᠠᠯᠳᠤᠳᠠᠭ ᠵᠠᠷᠢᠮ ᠡᠪᠡᠳᠴᠢᠨ ᠡᠮᠭᠡᠭ ᠤᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠪᠡᠳᠴᠢᠨ ᠡᠮᠭᠡᠭ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠴᠠᠭᠳᠠᠭᠠᠨ ᠤ ᠶᠠᠪᠤᠳᠠᠯ ᠤᠨ ᠠᠵᠢᠯᠲᠠᠨ ᠤ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ᠂ ᠥᠪᠡᠷ ᠢ ᠪᠠᠨ ᠡᠷᠡᠭᠦᠯᠵᠢᠭᠦᠯᠬᠦ ᠦᠵᠡᠯ ᠤᠬᠠᠮᠰᠠᠷ ᠢ ᠴᠢᠩᠭᠠᠷᠠᠭᠤᠯᠬᠤ ᠶᠢ ᠪᠦᠲᠦᠮᠵᠢᠲᠡᠶ ᠬᠥᠲᠥᠯᠥᠨ ᠵᠢᠯᠣᠭᠤᠳᠬᠤ ᠳᠤ ᠲᠤᠶᠢᠯ ᠤᠨ ᠴᠢᠬᠤᠯᠠ ᠦᠢᠯᠡᠳᠦᠯ ᠦᠵᠡᠬᠦᠯᠦᠭᠰᠡᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号