ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠵᠤ᠂ ᠬᠤᠯᠤᠭᠠᠨ᠎ᠠ | ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢ ᠳᠡᠭᠡᠭᠰᠢᠯᠡᠭᠦᠯᠬᠦ ᠶᠢᠨ ᠲᠤᠰᠠᠳᠠ᠂ ᠪᠠᠨ ᠱᠢ ᠹᠠᠩ ᠽᠢ ᠪᠠᠶᠢᠷᠢ ᠳᠤ | ᠰᠠᠭᠤᠬᠤ ᠳᠦᠷᠢᠮᠲᠦ ᠪᠠᠭ᠎ᠠ ᠰᠤᠷᠭᠠᠭᠤᠯᠢ ᠲᠡᠬᠡᠳᠦ ᠱᠠᠲᠤᠨ ᠤ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠴᠠᠭ ᠲᠤᠬᠠᠶ ᠳᠤᠨᠢ ᠲᠤᠬᠢᠷᠠᠭᠤᠯᠤᠨ | ᠪᠠᠶᠢᠷᠢᠯᠠᠭᠤᠯᠵᠤ᠂ 11 ᠰᠠᠷ᠎ᠠ ᠶᠢᠨ 12 ᠤᠨ ᠡᠳᠦᠷ ᠠᠴᠠ 11 ᠰᠠᠷ᠎ᠠ ᠶᠢᠨ 21 ᠤ ᠡᠳᠦᠷ ᠪᠣᠯᠲᠠᠯ᠎ᠠ ᠬᠤᠯᠤᠭᠠᠨ᠎ᠠ | ᠬᠢᠵᠢᠭ ᠢ ᠰᠡᠷᠭᠡᠶᠢᠯᠡᠬᠦ ᠰᠢᠷᠢᠰ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠨᠢᠮᠪᠠᠶ ᠵᠣᠬᠢᠶᠠᠨ ᠪᠠᠶᠢᠭᠤᠯᠤᠨ | ᠦᠷᠨᠢᠬᠦᠯᠪᠡ᠃ | ᠰᠤᠷᠭᠠᠭᠤᠯᠢ ᠶᠢᠨ ᠸᠢᠴᠠᠲ᠂ Q Q ᠲᠠᠪᠴᠠᠩ ᠵᠡᠷᠭᠡ ᠶᠢ ᠠᠰᠢᠭᠯᠠ᠂ ᠭᠡᠷ ᠤᠨ ᠠᠬᠠᠮᠠᠳ ᠲᠤ ᠶᠠᠭᠤ ᠶᠢ | ︽ᠬᠤᠯᠤᠭᠠᠨ᠎ᠠ ᠬᠢᠵᠢᠭ︾ ᠬᠡᠬᠦ ᠵᠢᠴᠢ ᠬᠤᠯᠤᠭᠠᠨ᠎ᠠ ᠬᠢᠵᠢᠭ ᠤᠨ ᠬᠠᠯᠳᠠᠪᠤᠷᠢᠯᠠᠬᠤ ᠡᠬᠢ ᠰᠤᠷᠪᠤᠯᠵᠢ᠂ | ᠬᠠᠯᠳᠠᠪᠤᠷᠢᠯᠠᠬᠤ ᠠᠷᠭ᠎ᠠ ᠵᠠᠮ᠂ ᠡᠪᠡᠳᠴᠢᠨ ᠤ ᠰᠢᠨᠵᠢ᠂ ᠡᠮᠴᠢᠯᠡᠭᠡᠨ ᠤ ᠢᠯᠡᠷᠡᠯ ᠪᠠ ᠬᠡᠷᠬᠢᠨ ᠡᠮᠨᠡᠨ ᠵᠠᠰᠠᠬᠤ ᠵᠡᠷᠭᠡ | ᠠᠯᠢ ᠣᠯᠠᠨ ᠮᠡᠳᠡᠯᠭᠡ ᠶᠢ ᠦᠢᠯᠠᠭᠠᠭᠤᠯᠪᠠ︔ ᠳᠠᠷᠠᠭ᠎ᠠ ᠳᠤᠨᠢ ᠡᠯ᠎ᠡ ᠠᠩᠭᠢ ᠳᠤ ︽ᠬᠤᠯᠤᠭᠠᠨ᠎ᠠ ᠬᠢᠵᠢᠭ ᠤᠨ | ᠮᠡᠳᠡᠯᠭᠡ ᠶᠢ ᠰᠤᠷᠤᠯᠴᠠᠵᠤ᠂ ᠤᠷᠢᠳᠴᠢᠯᠠᠨ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ︾ ᠭᠤᠤᠯ ᠰᠡᠳᠦᠪᠲᠦ | ᠠᠩᠭᠢ ᠶᠢᠨ ᠬᠤᠷᠠᠯ ᠢ ᠬᠤᠷᠠᠯᠳᠤᠭᠤᠯᠤᠭᠰᠠᠨ ᠪᠥᠭᠡᠳ ᠲᠤᠰᠬᠠᠶ ᠪᠠᠭᠰᠢ ᠪᠠᠷ ᠠᠩᠭᠢ ᠪᠦᠷᠢ ᠶᠢᠨ ᠰᠤᠷᠤᠭᠴᠢᠳ ᠲᠤ | ᠲᠠᠶᠢᠯᠤᠮᠵᠢ ᠬᠢᠯᠭᠡᠵᠦ᠂ ᠰᠤᠷᠤᠯᠴᠠᠯᠭ᠎ᠠ ᠪᠠᠷ ᠳᠠᠮᠵᠢᠨ᠂ ᠰᠤᠷᠤᠭᠴᠢᠳ ᠬᠤᠯᠤᠭᠠᠨ᠎ᠠ ᠬᠢᠵᠢᠭ ᠲᠠᠷᠬᠠᠭᠠᠬᠤ᠂ | ᠬᠤᠯᠤᠭᠠᠨ᠎ᠠ ᠬᠢᠵᠢᠭ ᠤᠨ ᠬᠤᠤᠷ ᠬᠥᠨᠥᠭᠡᠯ᠂ ᠬᠤᠯᠤᠭᠠᠨ᠎ᠠ ᠬᠢᠵᠢᠭ ᠢ ᠤᠷᠢᠳᠴᠢᠯᠠᠨ ᠰᠡᠷᠭᠡᠶᠢᠯᠡᠬᠦ ᠲᠤᠬᠠᠶ ᠨᠠᠩ | ᠣᠯᠠᠨ ᠣᠶᠢᠯᠠᠭᠠᠯᠲᠠ ᠲᠠᠢ ᠪᠣᠯᠵᠠᠶ᠃ | ᠤᠬᠠᠭᠤᠯᠭ᠎ᠠ ᠬᠥᠮᠦᠵᠢᠯ ᠤᠨ ᠠᠵᠢᠯᠯᠠᠭᠠᠨ ᠢᠶᠠᠷ ᠳᠠᠮᠵᠢᠭᠤᠯᠤᠨ᠂ ᠪᠦᠬᠦ ᠰᠤᠷᠭᠠᠭᠤᠯᠢ ᠶᠢᠨ ᠪᠠᠭᠰᠢ | ᠰᠤᠷᠤᠭᠴᠢᠳ ᠵᠢᠴᠢ ᠭᠡᠷ ᠤᠨ ᠠᠬᠠᠮᠠᠳ ᠤᠨ ᠬᠤᠯᠤᠭᠠᠨ᠎ᠠ ᠬᠢᠵᠢᠭ ᠢ ᠰᠡᠷᠭᠡᠶᠢᠯᠡᠬᠦ ᠮᠡᠳᠡᠯᠭᠡ ᠶᠢᠨ ᠲᠤᠬᠠᠶ | ᠣᠶᠢᠯᠠᠭᠠᠯᠲᠠ ᠶᠢ ᠳᠡᠭᠡᠭᠰᠢᠯᠡᠭᠦᠯᠵᠦ᠂ ᠬᠤᠯᠤᠭᠠᠨ᠎ᠠ ᠬᠢᠵᠢᠭ ᠤᠨ ︽ᠭᠤᠷᠪᠠ ᠶᠢ ᠦᠭᠡᠢ ᠭᠤᠷᠪᠠ ᠶᠢ ᠮᠡᠳᠡᠭᠦᠯᠬᠦ︾ | ᠳᠦᠷᠢᠮ ᠪᠠ ᠰᠡᠷᠭᠡᠶᠢᠯᠡᠨ ᠵᠠᠰᠠᠬᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠦᠨ᠂ ᠮᠠᠰᠢ ᠰᠠᠶᠢᠨ ᠦᠷ᠎ᠡ | ᠪᠦᠲᠦᠮᠵᠢ ᠣᠯᠤᠭᠰᠠᠨ ᠪᠠᠶᠢᠨ᠎ᠠ᠃ | |