ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ︽ᠭᠤᠷᠪᠠ ᠶᠢ ᠴᠢᠩᠭᠠᠷᠠᠭᠤᠯᠵᠤ︾ ᠬᠠᠷᠢᠶᠠᠲᠤ ᠣᠷᠣᠨ ᠤ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2019-11-27
        ᠡᠶ᠎ᠡ ᠵᠣᠬᠢᠴᠠᠯ ᠲᠠᠢ ᠴᠠᠭᠳᠠᠭ᠎ᠠ ᠠᠷᠠᠳ ᠤᠨ ᠬᠠᠷᠢᠴᠠᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠢᠶᠠᠷᠤᠯᠲᠠ ᠦᠢᠯᠡᠴᠢᠯᠡᠬᠡᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠳᠡᠭᠡᠭᠰᠢᠯᠡᠭᠦᠯᠬᠦ ᠶᠢᠨ ᠲᠥᠯᠥᠭᠡ᠂ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠰᠡᠳᠬᠢᠬᠦᠶ ᠶᠢᠨ ᠠᠷᠭ᠎ᠠ ᠮᠠᠶ᠋ᠢᠭ ᠲᠤ ᠢᠳᠡᠪᠬᠢᠲᠡᠶ ᠪᠠᠷ ᠰᠢᠨ᠎ᠡ ᠶᠢ ᠡᠭᠦᠳᠴᠦ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠭᠤᠷᠪᠠᠨ ᠵᠦᠢᠯ ᠤᠨ ᠴᠢᠩᠭᠠᠳᠬᠠᠯ ᠢ ᠯᠠᠪᠳᠠᠭᠤᠨ ᠠᠳᠬᠤᠵᠤ᠂ ᠴᠠᠭᠳᠠᠭᠠᠨ ᠤ ᠶᠠᠪᠤᠳᠠᠯ ᠤᠨ ᠠᠵᠢᠯ ᠤᠨ ᠰᠢᠨ᠎ᠡ ᠪᠠᠶᠢᠷᠢᠰᠢᠯ ᠢ ᠴᠢᠷᠮᠠᠶᠢᠨ ᠡᠭᠦᠳᠴᠦ᠂ ᠬᠠᠷᠢᠶᠠᠲᠤ ᠣᠷᠣᠨ ᠤ ᠠᠷᠠᠳ ᠣᠯᠠᠨ ᠤ ᠮᠠᠨ ᠤ ᠲᠤᠮᠢᠯᠠᠭᠰᠠᠨ ᠰᠠᠯᠪᠤᠷᠢ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠲᠡᠮᠵᠢᠬᠦ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠬᠦᠴᠦᠲᠡᠶ ᠳᠡᠭᠡᠭᠰᠢᠯᠡᠭᠦᠯᠪᠡ᠃        ᠨᠢᠭᠡ᠂ ᠨᠡᠪᠲᠡᠷᠡᠯᠴᠡᠬᠦ ᠦᠵᠡᠯ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠰᠡᠳᠬᠢᠯ ᠢ ᠥᠷᠭᠡᠨ ᠢᠶᠠᠷ ᠰᠣᠨᠣᠰᠬᠤ ᠬᠡᠷᠡᠭᠲᠡᠶ᠃ ᠴᠠᠭᠳᠠᠭ᠎ᠠ ᠪᠠ ᠠᠷᠠᠳ ᠬᠤᠭᠤᠷᠣᠨᠳᠣ ᠪᠠᠨ ᠨᠡᠪᠲᠡᠷᠡᠯᠴᠡᠬᠦ ᠠᠷᠭ᠎ᠠ ᠵᠠᠮ ᠢ ᠪᠣᠢ ᠪᠣᠯᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠵᠣᠪᠠᠨᠢᠯ ᠢ ᠠᠷᠢᠯᠭᠠᠨ᠂ ᠠᠷᠠᠳ ᠤᠨ ᠬᠦᠰᠡᠯ ᠢ ᠪᠡᠶᠡᠯᠡᠬᠦᠯᠬᠦ ᠪᠠᠷ᠂ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠦᠨᠡᠯᠡᠨ ᠲᠠᠰᠤᠯᠬᠤ ᠡᠷᠬᠡ ᠪᠠᠨ ᠣᠯᠠᠨ ᠲᠦᠮᠡᠨ ᠳᠤ ᠲᠤᠰᠢᠶᠠᠨ ᠥᠭᠴᠦ᠂ ᠠᠷᠠᠳ ᠤᠨ ᠦᠨᠡᠯᠡᠯᠲᠡ ᠪᠠᠷ ᠠᠷᠠᠳ ᠤᠨ ᠰᠠᠨᠠᠭ᠎ᠠ ᠶᠢ ᠣᠶᠢᠯᠭᠠᠨ᠂ ᠠᠷᠠᠳ ᠤᠨ ᠰᠠᠨᠠᠭ᠎ᠠ ᠪᠠᠷ ᠴᠠᠭᠳᠠᠭᠠᠨ ᠤ ᠶᠠᠪᠤᠳᠠᠯ ᠤᠨ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠠᠷᠠᠳ ᠤᠨ ᠴᠠᠭᠳᠠᠭ᠎ᠠ ᠣᠯᠠᠨ ᠲᠦᠮᠡᠨ ᠢᠶᠠᠷ ᠲᠦᠪ ᠪᠤᠯᠭᠠᠬᠤ ᠶᠢ ᠪᠡᠶᠡᠯᠡᠭᠦᠯᠦᠨ᠎ᠡ᠃        ᠬᠤᠶᠠᠷ᠂ ᠢᠳᠬᠠᠨ ᠰᠤᠷᠭᠠᠬᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠠᠷᠠᠳ ᠤᠨ ᠬᠤᠷᠣᠰᠤᠯ ᠢ ᠴᠢᠷᠮᠠᠶᠢᠨ ᠠᠷᠢᠯᠭᠠᠬᠤ ᠬᠡᠷᠡᠭᠲᠡᠶ᠃ ᠡᠳᠦᠷ ᠲᠤᠲᠤᠮ ᠤᠨ ᠠᠵᠢᠯ ᠪᠣᠯᠤᠨ ᠬᠠᠤᠯᠢ ᠬᠡᠷᠡᠭᠵᠢᠭᠦᠯᠵᠦ ᠬᠡᠷᠡᠭ ᠰᠡᠢᠳᠪᠦᠷᠢᠯᠡᠬᠦ ᠵᠢᠴᠢ ᠴᠠᠭᠳᠠᠭᠠᠨ ᠤ ᠶᠠᠪᠤᠳᠠᠯ ᠤᠨ ᠬᠦᠯᠢᠶᠡᠨ ᠠᠪᠴᠤ ᠰᠡᠢᠳᠪᠦᠷᠢᠯᠡᠬᠦ ᠲᠠᠪᠴᠠᠩ ᠢ ᠠᠰᠢᠭᠯᠠ᠂ ᠨᠡᠶᠢᠭᠡᠮ ᠤᠨ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠠᠷᠭ᠎ᠠ ᠪᠦᠬᠦᠨ ᠢ ᠰᠦᠪᠡᠭᠴᠢᠯᠡᠨ ᠰᠡᠢᠳᠪᠦᠷᠢᠯᠡᠵᠤ᠂ ᠠᠯᠢᠪᠠ ᠣᠶᠢᠯᠠᠭᠠᠵᠤ ᠮᠡᠳᠡᠭᠰᠡᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠪᠠ ᠡᠬᠢ ᠡᠬᠦᠰᠦᠯ  ᠤᠨ ᠱᠠᠲᠤᠨ ᠳᠤᠨᠢ ᠨᠠᠮᠳᠠᠭᠤᠯᠬᠤ ᠬᠡᠷᠡᠭᠲᠡᠶ᠃ ᠡᠶᠡᠳᠡᠭᠦᠯᠬᠦ ᠨᠥᠬᠦᠴᠡᠯ ᠳᠤ ᠨᠡᠶᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠭᠯᠡᠭᠦᠯᠦᠨ᠂ ᠠᠷᠠᠳ ᠤᠨ ᠴᠠᠭᠳᠠᠭ᠎ᠠ ᠰᠠᠨᠠᠭᠠᠴᠢᠯᠠᠭ᠎ᠠ ᠠᠴᠠ ᠪᠠᠨ ᠵᠠᠭᠤᠷᠠᠯᠳᠤᠭᠠᠨ ᠤ ᠬᠤᠶᠠᠷ ᠲᠠᠯ᠎ᠠ ᠳᠤ ᠶᠣᠰᠣ ᠶᠠᠷᠢᠵᠤ ᠤᠴᠢᠷ ᠢ ᠦᠢᠯᠠᠭᠠᠭᠤᠯᠤᠨ᠂ ᠬᠠᠤᠯᠢ ᠴᠠᠭᠠᠵᠠ ᠪᠠᠷ ᠶᠣᠰᠣ ᠤᠴᠢᠷ ᠢ ᠲᠣᠳᠣᠷᠬᠠᠶᠢᠯᠠᠨ᠂  ᠵᠠᠭᠤᠷᠠᠯᠳᠤᠭᠠᠨ ᠤ ᠬᠤᠶᠠᠷ ᠲᠠᠯ᠎ᠠ ᠶᠢ ᠡᠶᠡᠳᠡᠬᠦᠯᠦᠨ᠎ᠠ᠃        ᠭᠤᠷᠪᠠ᠂ ᠬᠡᠷᠡᠭ ᠰᠡᠢᠳᠪᠦᠷᠢᠯᠡᠬᠦ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠠᠮᠤᠷ ᠲᠦᠪᠰᠢᠨ ᠢ ᠦᠨᠡᠩᠬᠦ ᠪᠠᠲᠤᠯᠠᠬᠤ ᠬᠡᠷᠡᠭᠲᠡᠶ᠃ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠬᠤᠯᠠᠭᠠᠶᠢᠯᠠᠬᠤ᠂ ᠮᠡᠬᠡᠯᠡᠬᠦ᠂ ᠱᠠᠯᠢᠭ ᠵᠠᠪᠬᠠᠶ ᠵᠦᠢᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠬᠠᠮᠲᠤ ᠬᠠᠷᠢᠶ᠎ᠠ ᠣᠷᠣᠨ ᠤ ᠲᠣᠭᠲᠠᠭᠤᠨ ᠪᠠᠶᠢᠳᠠᠯ ᠢ ᠦᠨᠡᠩᠬᠦ ᠪᠠᠲᠤᠯᠠᠬᠤ ᠶᠢᠨ ᠲᠥᠯᠥᠭᠡ᠂ ᠴᠠᠭᠳᠠᠨ ᠲᠣᠭᠤᠷᠢᠬᠤ ᠰᠡᠷᠭᠡᠶᠢᠯᠡᠨ ᠡᠵᠡᠮᠳᠡᠬᠦ ᠡᠷᠴᠢᠮ ᠪᠠ ᠨᠢᠭᠲᠠᠴᠠ ᠶᠢ ᠨᠡᠮᠡᠭᠳᠡᠭᠦᠯᠵᠦ᠂ ᠵᠡᠭᠡᠯᠢ ᠳᠡᠭᠡᠷ᠎ᠡ ᠴᠠᠭᠳᠠᠬᠤ ᠨᠣᠷᠮ᠎ᠠ ᠪᠠ ᠰᠡᠷᠬᠡᠶᠢᠯᠡᠬᠦ ᠠᠷᠭ᠎ᠠ ᠠᠪᠴᠠᠯ ᠢ ᠪᠦᠷᠬᠦᠬᠦᠯᠬᠦ ᠨᠣᠷᠮ᠎ᠠ ᠶᠢ ᠳᠡᠭᠡᠭᠰᠢᠯᠡᠭᠦᠯᠵᠦ᠂ ᠬᠠᠤᠯᠢ ᠪᠤᠰᠤ ᠡᠳᠡᠬᠡᠳ  ᠳᠤ  ᠰᠦᠷᠳᠡᠬᠦᠯᠦᠯ ᠦᠵᠡᠬᠦᠯᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号